ᠦᠬᠠᠶ ᠬᠤᠲᠠ ᠶᠢᠨ ᠤᠳᠠ ᠲᠣᠭᠤᠷᠢᠭ ᠨᠢ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ | ᠦᠢᠯᠡᠴᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠡᠭᠦᠰᠦᠯᠲᠡ ᠪᠣᠯᠭᠠᠵᠤ᠂ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ︽ᠬᠠᠰᠤᠬᠤ︾᠂ | ︽ᠰᠢᠨ᠎ᠡ︾᠂ ︽ᠠᠮᠢᠳᠤᠯᠢᠭ︾ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠨᠢᠭᠡ᠂ ︽ᠬᠠᠰᠤᠬᠤ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠱᠤᠭᠤᠮ︾ ᠤᠨ ᠬᠠᠮᠲᠤᠷᠠᠨ | ᠬᠥᠳᠡᠯᠦᠯᠴᠡᠬᠦ ᠶᠢ ᠠᠬᠢᠭᠤᠯᠤᠨ᠎ᠠ᠃ ᠡᠯ᠎ᠡ ᠬᠦᠷᠢᠶ᠎ᠡ ᠴᠠᠷᠠᠭ᠎ᠠ ᠶᠢ ᠨᠢᠭᠡᠳᠦᠯᠲᠡᠶ ᠲᠥᠯᠥᠪᠯᠡᠬᠦ᠂ ᠣᠯᠠᠨ ᠲᠠᠯ᠎ᠠ ᠪᠠᠷ | ᠬᠤᠯᠪᠣᠭᠠᠯᠠᠨ ᠬᠥᠳᠡᠯᠦᠯᠴᠡᠬᠦ᠂ ᠪᠥᠬᠦ ᠣᠷᠣᠨ ᠪᠦᠰᠡ ᠶᠢ ᠠᠭᠤᠰᠤᠯᠴᠠᠭᠤᠯᠬᠤ ᠨᠠᠮ ᠤᠨ ᠪᠠᠶᠢᠭᠤᠯᠤᠯᠲᠠ ᠶᠢᠨ | ᠰᠡᠳᠬᠢᠮᠵᠢ ᠶᠣᠰᠣᠭᠠᠷ᠃ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ ᠥᠪᠡᠷ ᠤᠨ ᠥᠷᠲᠡᠭ ᠢ | ᠪᠠᠭᠤᠷᠠᠭᠤᠯᠬᠤ ᠪᠠᠷ ᠬᠠᠷᠠᠯᠲᠠ ᠪᠤᠯᠭᠠᠵᠦ᠂ ︽ᠱᠤᠭᠤᠮ︾ ᠢᠶᠠᠷ ᠬᠠᠮᠲᠤᠷᠠᠨ ᠬᠥᠳᠡᠯᠦᠯᠴᠡᠬᠦ ᠶᠢ ᠥᠷᠨᠢᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠤ ᠠᠬᠤᠶᠢᠯᠠᠯ ᠥᠪᠡᠰᠦᠪᠡᠨ ᠦᠢᠯᠡᠴᠢᠯᠡᠬᠦ ᠲᠤᠰᠬᠠᠢ | ᠲᠤᠭᠤᠷᠢᠭ ᠪᠠ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠭᠦᠢᠴᠡᠳᠬᠡᠬᠦ ᠪᠠᠷ ᠬᠥᠲᠥᠯᠥᠨ ᠵᠢᠯᠣᠭᠤᠳᠬᠤ | ᠲᠣᠭᠤᠷᠢᠭ ᠪᠠᠶᠢᠭᠤᠯᠵᠤ᠂ ᠠᠵᠤ ᠠᠬᠤᠶᠢᠯᠠᠯ ᠪᠠᠶᠢᠭᠤᠯᠬᠤ ᠳᠠᠩᠰᠠᠯᠠᠯᠲᠠ᠂ ᠲᠠᠮᠠᠭ᠎ᠠ ᠰᠡᠶᠢᠯᠦᠨ ᠦᠢᠯᠡᠳᠬᠦ᠂ ᠪᠠᠷᠢᠮᠲᠠ | ᠭᠤᠶᠤᠴᠢᠯᠠᠨ ᠠᠪᠬᠤ ᠵᠡᠷᠭᠡ ᠲᠤᠬᠠᠶᠢᠯᠠᠭᠰᠠᠨ ᠠᠵᠢᠯ ᠢ ᠲᠤᠰᠬᠠᠶ ᠲᠣᠭᠤᠷᠢᠭ ᠲᠤ ᠣᠷᠣᠭᠤᠯᠵᠤ᠂ ᠨᠢᠭᠡ ᠯᠡ | ᠤᠳᠠᠭ᠎ᠠ ᠳᠤ ᠲᠤᠰᠢᠶᠠᠬᠤ᠂ ᠵᠡᠷᠭᠡ ᠳᠤᠨᠢ ᠬᠦᠢᠴᠡᠳᠭᠡᠬᠦ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ᠂ ᠴᠠᠭ | ᠬᠢᠵᠠᠭᠠᠷᠯᠠᠨ ᠭᠦᠢᠴᠡᠳᠭᠡᠵᠦ ᠶᠢ ᠪᠡᠶᠡᠯᠡᠭᠦᠯᠦᠨ᠎ᠡ᠃ ᠣᠳᠣᠬᠠᠨ ᠳᠤ᠂ ᠠᠵᠤ ᠠᠬᠤᠶᠢᠯᠠᠯ ᠡᠷᠬᠢᠯᠡᠬᠦ ᠴᠠᠭ ᠨᠢ ᠨᠢᠭᠡᠨᠲᠡ | 15 ᠠᠵᠢᠯᠯᠠᠬᠤ ᠡᠳᠦᠷ ᠪᠠᠶᠢᠭᠰᠠᠨ ᠠᠴᠠ ᠪᠠᠨ ᠨᠢᠭᠡ ᠠᠵᠢᠯᠯᠠᠬᠤ ᠡᠳᠦᠷ ᠪᠤᠯᠵᠤ ᠪᠠᠭᠠᠰᠪᠠ᠃ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠪᠦᠯᠬᠦᠮᠳᠡᠨ ᠬᠥᠭᠵᠢᠬᠦ ᠶᠢ | ᠪᠡᠶᠡᠯᠡᠭᠦᠯᠦᠨ᠎ᠡ᠃ | ᠬᠤᠶᠠᠷ᠂ ︽ᠰᠢᠨ᠎ᠡ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠭᠠᠶᠢᠯᠢ ᠪᠠ ᠠᠵᠤ ᠠᠬᠤᠶᠢᠯᠠᠯ ᠤᠨ | ᠨᠠᠮ ᠤᠨ ᠪᠠᠶᠢᠭᠤᠯᠤᠯᠲᠠ ᠶᠢᠨ ᠡᠭᠦᠯᠡᠨ ᠲᠠᠪᠴᠠᠩ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠤᠳᠠ | ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠠᠵᠢᠯᠯᠠᠭᠠᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ︽ | ᠭᠠᠶᠢᠯᠢ ᠪᠠ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠡᠭᠦᠯᠡᠨ ᠲᠠᠪᠴᠠᠩ︾ ᠤᠨ ᠪᠠᠶᠢᠭᠤᠯᠤᠯᠲᠠ ᠶᠢ | ᠢᠳᠡᠪᠬᠢᠲᠠᠢ ᠪᠠᠷ ᠠᠬᠢᠭᠤᠯᠵᠤ᠂ ᠮᠠᠨ ᠲᠤᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ | ᠲᠦᠷᠭᠡᠨ ᠬᠦᠭᠵᠢᠯᠲᠡ ᠳᠤ ᠪᠠᠲᠤ ᠴᠢᠩᠭ᠎ᠠ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠨᠢᠭᠡ ᠳᠤ᠂ ᠨᠠᠮ ᠤᠨ | ᠭᠡᠰᠢᠭᠦᠨ ᠭᠠᠶᠢᠯᠢ ᠶᠢᠨ ᠶᠠᠪᠤᠳᠠᠯ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠡᠭᠦᠯᠡᠨ ᠲᠠᠪᠴᠠᠩ ᠳᠠᠬᠢ | ᠰᠦᠯᠵᠢᠶᠡᠨ ᠳᠡᠭᠡᠷ᠎ᠡ ᠰᠤᠷᠤᠯᠴᠠᠬᠤ᠂ ᠰᠦᠯᠵᠢᠶᠡᠨ ᠳᠡᠭᠡᠷ᠎ᠡ ᠰᠣᠯᠢᠯᠴᠠᠬᠤ᠂ ᠰᠦᠯᠵᠢᠶᠡᠨ ᠳᠡᠭᠡᠷ᠎ᠡ ᠠᠵᠢᠯᠯᠠᠭ᠎ᠠ ᠬᠢᠬᠦ | ᠵᠡᠷᠭᠡ ᠴᠢᠳᠠᠮᠵᠢ ᠪᠠᠷ ᠳᠠᠮᠵᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠭᠡᠰᠢᠭᠦᠨ ᠤ ᠨᠢᠭᠲᠠᠷᠠᠯ ᠤᠨ ᠬᠦᠴᠦᠨ᠂ | ᠲᠥᠪᠯᠡᠩᠭᠦᠶ ᠬᠦᠴᠦᠨ ᠪᠠ ᠳᠠᠶᠢᠴᠢᠨ ᠬᠦᠴᠦᠨ ᠢ ᠳᠡᠭᠡᠭᠰᠢᠯᠡᠭᠦᠯᠪᠡ᠃ ᠬᠤᠶᠠᠷ ᠲᠤ᠂ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠨᠢ ︽ᠨᠢᠭᠡ ᠡᠭᠦᠯᠡ᠂ ᠳᠥᠷᠪᠡᠨ ᠬᠥᠮᠥᠷᠭᠡ᠂ | ᠲᠠᠪᠤᠨ ᠲᠠᠪᠴᠠᠩ︾ ᠤᠨ ᠴᠢᠳᠠᠮᠵᠢ ᠳᠤ ᠲᠦᠰᠢᠭᠯᠡᠨ᠂ ︽ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠬᠦ᠂ | ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ᠂ ᠬᠥᠨᠳᠡᠯᠡᠨ ᠭᠤᠯᠳᠤ ᠪᠠᠷ ᠲᠣᠣᠷ ᠪᠣᠯᠭᠠᠬᠤ︾ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠪᠦᠬᠦᠯᠢ ᠴᠣᠭᠴᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠢᠯᠡ ᠪᠦᠷᠬᠦᠭᠦᠯᠬᠦ ᠪᠠ ᠪᠦᠲᠦᠮᠵᠢᠲᠡᠶ ᠪᠦᠷᠬᠦᠬᠦ ᠶᠢ ᠬᠠᠷᠢᠯᠴᠠᠨ ᠨᠢᠭᠡᠳᠦᠭᠦᠯᠬᠦ | ᠬᠡᠷᠡᠭᠲᠡᠶ᠃ | ᠭᠤᠷᠪᠠ᠂ ︽ᠠᠮᠢᠳᠤ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠦᠢᠯᠡᠴᠢᠯᠡᠭᠡᠨ ᠤ ᠵᠠᠭᠪᠤᠷ ᠢ | ᠳᠡᠯᠭᠡᠷᠡᠭᠦᠯᠦᠨ ᠰᠢᠯᠢᠳᠡᠭᠵᠢᠭᠦᠯᠦᠨ᠎ᠡ᠃ ᠤᠳᠠ ᠲᠣᠭᠤᠷᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠣᠳᠠᠲᠤ | ᠪᠠᠶᠢᠳᠠᠯ ᠠᠴᠠ ᠡᠭᠦᠰᠴᠦ᠂ ᠥᠩᠭᠡᠷᠡᠭᠰᠡᠨ ᠤ ᠨᠠᠮ ᠤᠨ ᠪᠠᠶᠢᠭᠤᠯᠤᠯᠲᠠ ᠳᠤ ᠨᠠᠮ ᠤᠨ ᠪᠠᠶᠢᠭᠤᠯᠤᠯᠲᠠ ᠶᠢ | ᠠᠳᠬᠤᠭᠰᠠᠨ ᠠᠷᠭ᠎ᠠ ᠪᠠᠷᠢᠯ ᠢᠶᠠᠨ ᠬᠤᠪᠢᠷᠠᠭᠤᠯᠵᠠᠢ᠃ ᠨᠠᠮ ᠤᠨ ᠠᠵᠢᠯ ᠪᠠ ᠠᠵᠤ ᠠᠬᠤᠶᠢᠯᠠᠯ ᠤᠨ ᠬᠥᠭᠵᠢᠯᠲᠡ᠂ | ᠦᠢᠯᠡᠴᠢᠯᠡᠭᠡ ᠬᠠᠩᠭᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠠᠵᠢᠯᠳᠠᠨ ᠠᠵᠢᠯᠴᠢᠨ ᠤ ᠬᠦᠰᠡᠯ ᠡᠷᠡᠮᠡᠯᠵᠡᠯ | ᠵᠡᠷᠭᠡ ᠶᠢ ᠤᠶᠠᠯᠳᠤᠭᠤᠯᠬᠤ ᠬᠡᠷᠡᠭᠲᠡᠶ᠃ ᠨᠢᠭᠡ ᠳᠤ᠂ ᠵᠠᠰᠠᠭ ᠪᠠᠩᠬᠢ ᠶᠢᠨ ᠬᠠᠮᠵᠢᠯᠴᠠᠭ᠎ᠠ ᠶᠢᠨ ᠦᠢᠯᠡᠴᠢᠯᠡᠭᠡ ᠶᠢ | ᠰᠢᠨᠡᠴᠢᠯᠡᠨ ᠪᠠᠩᠬᠢ ᠲᠠᠢ ᠬᠠᠮᠵᠢᠯᠴᠠᠨ᠎ᠠ᠃ ᠠᠵᠤ ᠠᠬᠤᠶᠢᠯᠠᠯ ᠤᠨ ᠳᠠᠩᠰᠠᠯᠠᠭᠤᠯᠬᠤ ᠪᠦᠬᠦ ᠶᠠᠪᠤᠴᠠ ᠶᠢᠨ | ᠡᠯᠧᠺᠲᠷᠤᠨᠴᠢᠯᠠᠬᠤ ᠬᠡᠪ ᠵᠠᠭᠪᠤᠷ ᠲᠤ ᠲᠦᠰᠢᠭᠯᠡᠨ᠂ ᠪᠠᠩᠬᠢ ᠶᠢᠨ ᠬᠠᠷᠢᠶ᠎ᠠ ᠪᠠᠶᠢᠭᠤᠯᠤᠮᠵᠢ ᠶᠢᠨ ᠲᠣᠤᠷ ᠴᠢᠭ ᠲᠤ | ᠠᠵᠤ ᠠᠬᠤᠶᠢᠯᠠᠯ ᠤᠨ ᠳᠠᠩᠰᠠᠯᠠᠬᠤ ᠳᠠᠩᠰᠠᠯᠠᠭᠤᠯᠬᠤ ᠶᠢ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠥᠷᠨᠢᠭᠦᠯᠵᠦ᠂ | ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠳᠠᠩᠰᠠ ᠪᠠᠶᠢᠭᠤᠯᠬᠤ ᠪᠡᠯᠡ ᠮᠥᠩᠭᠦ ᠶᠢᠨ ᠭᠦᠢᠯᠭᠡᠭᠡᠨ ᠵᠡᠷᠭᠡ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠠᠢ᠃ ᠠᠵᠤ ᠠᠬᠤᠶᠢᠯᠠᠯ ᠤᠨ ᠳᠠᠩᠰᠠᠯᠠᠯ ᠢ ᠳᠥᠭᠦᠮᠴᠢᠯᠡᠬᠦ ᠪᠠ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠳᠥᠭᠦᠮᠴᠢᠯᠡᠬᠦ ᠶᠢ ᠬᠠᠮᠵᠢᠯᠴᠠᠨ ᠠᠬᠢᠭᠤᠯᠤᠨ᠎ᠠ︔ ᠬᠤᠶᠠᠷ ᠲᠤ ︽ | ᠭᠡᠷᠡᠴᠢ ᠦᠨᠡᠮᠯᠡᠯ ᠢ ᠰᠠᠯᠭᠠᠬᠤ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠳᠡᠩᠰᠡᠯᠡᠯᠲᠡ ᠶᠢ ᠲᠥᠬᠦᠮ ᠬᠦᠴᠦᠨ ᠥᠬᠡᠶ ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠥᠭᠡᠷᠡᠴᠢᠯᠡᠯᠲᠡ | ᠬᠢᠭᠰᠡᠨ ᠤ ᠳᠠᠷᠠᠭ᠎ᠠ᠂ ᠠᠵᠤ ᠠᠬᠤᠶᠢᠯᠠᠯ ᠡᠷᠬᠢᠯᠡᠬᠦ ᠭᠤᠭᠴᠤᠭ᠎ᠠ ᠶᠢ 4 ᠪᠠᠶᠢᠭᠰᠠᠨ ᠠᠴᠠ ᠨᠢ 1 ᠪᠣᠯᠭᠠᠨ ᠪᠠᠭᠠᠰᠬᠠᠵᠤ | ᠂ 32 ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠭᠰᠠᠨ︾ | 1700 ᠭᠠᠷᠤᠶ ᠡᠷᠦᠬᠡ ᠶᠢ ᠰᠢᠢᠳᠪᠦᠷᠢᠯᠡᠵᠦ᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠬᠤ︾ | ᠡᠵᠡᠩᠨᠡᠯᠲᠡ ᠶᠢᠨ ᠦᠨᠡᠮᠯᠡᠯ ᠣᠯᠭᠤᠵᠤ᠂ 560 ᠠᠵᠤ ᠠᠬᠤᠶᠢᠯᠠᠯ ᠤᠨ ᠨᠡᠷᠡᠶᠢᠳᠦᠯ ᠢ ᠳᠠᠩᠰᠠᠯᠠᠭᠤᠯᠤᠨ ᠨᠡᠶᠢᠯᠡᠭᠦᠯᠵᠦ | ᠂ 162 ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ᠳᠥᠭᠦᠮᠬᠡᠨ ᠢᠶᠠᠷ ᠬᠦᠴᠦᠨ ᠥᠬᠡᠶ ᠪᠣᠯᠭᠠᠪᠠ᠃ | |