︽︿ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ | ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 75 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠵᠢᠴᠢ | ᠪᠤᠰᠤᠳ ᠬᠤᠯᠪᠣᠭᠳᠠᠯ ᠪᠦᠬᠦᠢ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2020﹈ 24 ᠳ᠋ᠦᠭᠡᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ | ᠲᠣᠪᠴᠢᠶ᠎ᠠ ᠶᠠᠫᠣᠨ ᠢ ᠡᠰᠡᠷᠭᠦᠴᠡᠬᠦ ᠲᠠᠶᠢᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠡᠷᠬᠢᠨ ᠦᠵᠡᠵᠦ | ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ | ᠡᠨᠡ ᠤᠳᠠᠭᠠᠨ ᠤ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠨᠢ᠂ ᠠᠵᠢᠯᠲᠠᠳ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠭᠡᠷ ᠲᠤ ᠭᠦᠨᠵᠡᠭᠡᠶᠢᠷᠡᠨ᠂ ᠨᠢᠭᠤᠷᠳᠠᠨ ᠰᠣᠯᠢᠯᠴᠠᠬᠤ ᠪᠠ ᠳᠠᠩ ᠵᠠᠶ ᠶᠢᠨ ᠰᠣᠯᠢᠯᠴᠠᠭ᠎ᠠ | ᠬᠢᠵᠦ᠂ ᠨᠠᠷᠢᠯᠢᠭ ᠣᠨᠣᠴᠠᠲᠠᠶ ᠦᠢᠯᠡᠴᠢᠯᠡᠭᠡᠨ ᠤ ᠠᠭᠤᠯᠤᠭᠳᠠᠬᠤᠨ ᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ᠂ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠠᠨᠠᠯ ᠰᠠᠨᠠᠭᠤᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ᠂ | ᠨᠠᠷᠢᠯᠢᠭᠵᠢᠭᠤᠯᠤᠨ ᠦᠢᠯᠡᠴᠢᠯᠡᠬᠦ ᠪᠠ ᠦᠨᠡᠨ ᠰᠡᠳᠬᠢᠯ ᠠᠴᠠ ᠪᠠᠨ ᠦᠢᠯᠡᠴᠢᠯᠡᠬᠦ ᠭᠡᠷ ᠲᠤ ᠨᠢ ᠬᠦᠷᠴᠦ | ᠰᠤᠷᠪᠤᠯᠵᠢᠯᠠᠬᠤ ᠠᠵᠢᠯ ᠤᠨ ᠳᠤᠮᠳᠠ᠂ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠬᠦᠯᠬᠦ ᠪᠠ ᠠᠬᠠᠮᠠᠳ ᠺᠠᠳ᠋ᠷ ᠤᠨ ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠵᠢᠯᠯᠠᠭᠠᠨ ᠤ ᠳᠤᠮᠳᠠ ᠠᠵᠢᠯᠲᠠᠳ ᠨᠢᠭᠡ ᠲᠠᠯ᠎ᠠ ᠪᠠᠷ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠪᠣᠯᠤᠨ | ᠠᠬᠠᠮᠠᠳ ᠺᠠᠳ᠋ᠷ ᠤᠨ ᠠᠵᠢᠯ ᠤᠨ ᠲᠥᠷᠥ ᠶᠢᠨ ᠪᠣᠳᠣᠯᠭ᠎ᠠ ᠵᠡᠷᠭᠡ ᠶᠢ ᠬᠠᠷᠢᠭᠤ ᠮᠡᠳᠡᠭᠦᠯᠬᠦ ᠶᠢᠨ ᠬᠠᠮᠲᠤ ᠰᠠᠨᠠᠯ | ᠰᠠᠨᠠᠭᠤᠯᠭ᠎ᠠ ᠶᠢ ᠬᠦᠯᠢᠴᠡᠩᠭᠦᠶ ᠰᠣᠨᠣᠰᠴᠠᠶ᠃ ᠲᠡᠷᠡᠴᠢᠯᠡᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠳᠤᠷᠠᠳᠤᠭᠰᠠᠨ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ ᠭᠡᠷ ᠪᠦᠯᠢ ᠶᠢᠨ | ᠰᠤᠷᠪᠤᠯᠵᠢᠯᠠᠯ ᠤᠨ ᠪᠠᠶᠢᠳᠠᠯ ᠤᠨ ᠲᠡᠮᠳᠡᠭᠯᠡᠯ ᠢ ᠰᠠᠶᠢᠲᠤᠷ ᠬᠢᠵᠦ᠂ ᠲᠤᠬᠠᠶ ᠶᠢᠨ ᠭᠠᠵᠠᠷ ᠲᠤᠨᠢ ᠬᠠᠷᠢᠭᠤᠯᠵᠤ ᠳᠡᠶᠢᠯᠬᠦ | ᠦᠭᠡᠢ ᠪᠣᠯ ᠭᠡᠷ ᠪᠦᠯᠢ ᠶᠢᠨ ᠰᠤᠷᠪᠤᠯᠵᠢᠯᠠᠯ ᠤᠨ ᠠᠵᠢᠯᠯᠠᠭ᠎ᠠ ᠶᠢᠨ ᠳᠠᠷᠠᠭ᠎ᠠ ᠨᠢᠭᠡᠴᠡ ᠶᠢᠨ ᠤᠳᠤᠷᠢᠳᠤᠯᠭ᠎ᠠ ᠳᠤ ᠴᠠᠭ | ᠲᠤᠬᠠᠶ ᠳᠤᠨᠢ ᠬᠠᠷᠢᠭᠤ ᠲᠤᠰᠬᠠᠵᠤ ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠭᠡᠷ ᠤᠨ ᠠᠶᠢᠯᠴᠢᠯᠠᠯᠲᠠ ᠪᠠᠷ ᠳᠠᠮᠵᠢᠨ᠂ ᠠᠵᠢᠯᠲᠠᠨ ᠪᠣᠯᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠬᠠᠷᠢᠯᠴᠠᠭ᠎ᠠ ᠶᠢ ᠶᠡᠬᠡᠪᠡᠷ ᠴᠢᠩᠭᠠᠳᠬᠠᠵᠤ᠂ ᠣᠶᠢᠷᠠᠲᠤᠵᠤ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠪᠠ᠃ ᠪᠠᠰᠠ | ᠥᠷᠭᠡᠨ ᠣᠯᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ | ᠨᠠᠮ ᠤᠨ ᠲᠥᠪ ᠬᠤᠷᠢᠶ᠎ᠠ ᠶᠢ ᠬᠠᠯᠠᠮᠵᠢᠯᠠᠵᠤ ᠪᠠᠶᠢᠬᠤ ᠶᠢ ᠠᠵᠢᠯᠲᠠᠨ ᠨᠢᠭᠡᠪᠦᠷᠢ ᠦᠨᠡᠨ ᠪᠣᠳᠠᠲᠠᠶ ᠮᠡᠳᠡᠭᠦᠯᠵᠠᠢ᠃ ᠡᠯ᠎ᠡ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠲᠠᠯᠠᠷᠬᠠᠵᠤ ᠪᠠᠶᠢᠬᠤ ᠪᠠ ᠲᠠᠯᠠᠷᠬᠠᠵᠤ ᠪᠠᠶᠢᠬᠤ | ᠰᠡᠳᠬᠢᠯᠭᠡ ᠨᠢ ᠲᠤᠰᠢᠶᠠᠯ ᠠᠴᠠ ᠪᠠᠨ ᠰᠠᠯᠵᠤ ᠠᠮᠠᠷᠠᠭᠰᠠᠨ ᠺᠠᠳ᠋ᠷᠴᠤᠳ ᠤᠨ ᠮᠠᠨ ᠤ ᠠᠵᠢᠯ ᠤᠨ ᠲᠤᠬᠠᠶ | ᠣᠶᠢᠯᠠᠭᠠᠯᠲᠠ᠂ ᠬᠠᠯᠠᠮᠵᠢᠯᠠᠯ ᠪᠠ ᠳᠡᠮᠵᠢᠯᠭᠡ ᠶᠢ ᠣᠯᠵᠤ ᠮᠡᠳᠡᠭᠰᠡᠨ ᠪᠠᠶᠢᠨ᠎ᠠ᠃ ᠤᠳᠠ ᠲᠣᠭᠤᠷᠢᠭ ᠤᠨ ᠨᠠᠮ ᠤᠨ | ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠶᠠᠫᠣᠨ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 75 | ᠵᠢᠯ ᠤᠨ ᠤᠢ ᠶᠢ ᠳᠤᠷᠠᠰᠬᠠᠬᠤ ᠪᠠᠷ ᠲᠣᠬᠢᠶᠠᠯ ᠪᠣᠯᠭᠠᠵᠤ᠂ ᠠᠬᠠᠮᠠᠳ ᠺᠠᠳ᠋ᠷ ᠤᠨ ᠡᠯ᠎ᠡ ᠵᠦᠢᠯ ᠤᠨ ᠬᠠᠷᠠᠭᠠᠯᠵᠠᠯ ᠢ | ᠤᠯᠠᠮ ᠰᠠᠶᠢᠨ ᠨᠠᠶᠢᠳᠠᠪᠦᠷᠢᠵᠢᠭᠤᠯᠬᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ | ᠠᠮᠠᠷᠠᠭᠰᠠᠨ ᠺᠠᠳ᠋ᠷᠴᠤᠳ ᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ | ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠠᠬᠠᠮᠠᠳ ᠨᠥᠬᠦᠳ ᠢ ᠬᠠᠯᠠᠮᠵᠢᠯᠠᠨ ᠬᠠᠶᠢᠷᠠᠯᠠᠬᠤ | ᠶᠠᠪᠤᠳᠠᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ᠃ | |