ᠰᠢᠨ ᠳ᠋ᠡ ᠵᠡᠭᠡᠯᠢ ᠭᠤᠳᠤᠮᠵᠢ ᠶᠢᠨ ᠣᠨ ᠤ ᠪᠠᠶᠢᠴᠠᠭᠠᠯᠲᠠ ᠰᠦᠯᠵᠢᠶ᠎ᠡ ᠪᠣᠳᠠᠲᠤ ᠴᠣᠭᠴᠠ ᠡᠮᠬᠢ ᠵᠢᠷᠤᠮ ᠲᠠᠢ ᠵᠣᠯᠭᠠᠯᠳᠤᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠥᠮᠦᠰ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2020/9/18
     2020 ᠣᠨ ᠤ 9 ᠰᠠᠷ᠎ᠠ ᠳᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠠᠷᠠᠭᠠᠯᠵᠠᠯ ᠤᠨ ᠮᠥᠩᠭᠦ ᠶᠢᠨ ᠣᠨ ᠤ ᠪᠠᠶᠢᠴᠠᠭᠠᠯᠲᠠ ᠶᠢᠨ ᠴᠠᠭ ᠬᠤᠭᠤᠴᠠᠭ᠎ᠠ ᠪᠣᠯᠤᠨ᠎ᠠ᠂ ᠠᠷᠠᠳ ᠤᠨ ᠶᠠᠪᠤᠳᠠᠯ ᠤᠨ ᠪᠠᠶᠢᠴᠠᠭᠠᠯᠲᠠ ᠶᠢᠨ ᠠᠵᠢᠯ ᠤᠨ ᠪᠣᠳᠠᠲᠠᠶ ᠱᠠᠭᠠᠷᠳᠠᠯᠭ᠎ᠠ ᠶᠣᠰᠣᠭᠠᠷ ᠠᠶ ᠮᠢᠨ ᠵᠢᠶᠠ ᠶᠤᠸᠠᠨ ᠨᠡᠶᠢᠭᠡᠮ ᠲᠣᠭᠤᠷᠢᠭ ᠤᠨ ᠠᠵᠢᠯᠲᠠᠳ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠬᠥᠮᠦᠨ ᠠᠮᠠ ᠲᠥᠪᠯᠡᠷᠡᠭᠰᠡᠨ ᠭᠠᠵᠠᠷ ᠲᠤ ᠪᠦᠷ ᠪᠠᠶᠢᠴᠠᠭᠠᠯᠲᠠ ᠶᠢᠨ ᠮᠡᠳᠡᠭᠳᠡᠯ ᠤᠨ ᠬᠠᠭᠤᠳᠠᠰᠤ ᠨᠠᠭᠠᠵᠤ᠂ ᠡᠭᠦᠨ ᠤ ᠬᠠᠮᠲᠤ ᠸᠢᠴᠠᠲ ᠣᠯᠠᠨ ᠨᠡᠶᠢᠲᠡ ᠶᠢᠨ ᠲᠠᠪᠴᠠᠩ  ᠳᠡᠭᠡᠷ᠎ᠡ ᠪᠠᠨ ᠪᠠᠶᠢᠴᠠᠭᠠᠯᠲᠠ ᠶᠢᠨ ᠮᠡᠳᠡᠭᠳᠡᠯ ᠨᠡᠶᠢᠳᠠᠯᠡᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠤ ᠪᠠᠶᠢᠴᠠᠭᠠᠯᠲᠠ ᠶᠢᠨ ᠮᠡᠳᠡᠭᠳᠡᠯ ᠢ ᠲᠤᠰ ᠲᠤᠰ ᠤᠨ ᠬᠡᠰᠡᠭ ᠢ ᠳᠠᠭᠠᠭᠠᠴᠢᠯᠠᠭᠰᠠᠨ ᠲᠣᠤᠷᠯᠢᠭ ᠰᠦᠷᠦᠭᠵᠢᠯ ᠳᠤ ᠳᠠᠮᠵᠢᠭᠤᠯᠤᠨ ᠲᠠᠷᠬᠠᠭᠠᠵᠤ ᠤᠬᠠᠭᠤᠯᠬᠤ ᠡᠷᠴᠢᠮ ᠢᠶᠠᠨ   ᠴᠢᠩᠭᠠᠷᠠᠭᠤᠯᠵᠦ᠂ ᠣᠨ ᠤ ᠪᠠᠶᠢᠴᠠᠭᠠᠯᠲᠠ ᠶᠢᠨ ᠮᠡᠳᠡᠬᠦ ᠨᠣᠷᠮ᠎ᠠ ᠶᠢᠨ ᠳᠡᠭᠡᠭᠰᠢᠯᠡᠭᠦᠯᠪᠡ᠃      ᠣᠶᠢᠷ᠎ᠠ ᠳᠤ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠣᠨ ᠤ ᠪᠠᠶᠢᠴᠠᠭᠠᠯᠲᠠ ᠶᠢᠨ ᠣᠷᠭᠢᠯ ᠤᠨ ᠬᠤᠭᠤᠴᠠᠭ᠎ᠠ ᠶᠢ ᠤᠭᠲᠤᠨ ᠠᠪᠴᠢᠷᠠᠵᠤ᠂ ᠰᠠᠭᠤᠭᠠᠯᠢ ᠠᠷᠠᠳ ᠵᠠᠯᠭᠠᠭ᠎ᠠ ᠪᠠᠷ ᠨᠡᠶᠢᠭᠡᠮ ᠲᠣᠭᠤᠷᠢᠭ ᠤᠨ ᠣᠨ ᠤ ᠪᠠᠶᠢᠴᠠᠭᠠᠯᠲᠠ ᠬᠢᠪᠠ᠃ ᠨᠡᠶᠢᠭᠡᠮ ᠲᠣᠭᠤᠷᠢᠭ ᠤᠨ ᠠᠵᠢᠯᠲᠠᠳ ᠨᠠᠷᠢᠨ ᠨᠢᠮᠪᠠᠶ᠂ ᠳᠣᠲᠣᠨᠣ ᠦᠢᠯᠡᠴᠢᠯᠡᠵᠦ᠂ ᠰᠠᠭᠤᠭᠠᠯᠢ ᠠᠷᠠᠳ ᠰᠠᠨᠠᠯ ᠨᠢᠭᠡᠲᠠᠢ ᠰᠠᠶᠢᠰᠢᠶᠠᠪᠠ᠃ ᠨᠠᠰᠤᠲᠠᠶᠢᠴᠤᠳ ᠤᠨ ᠬᠠᠷᠠᠭᠠᠯᠵᠠᠯ ᠤᠨ ᠮᠥᠩᠭᠦ ᠣᠯᠭᠤᠬᠤ ᠡᠨᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠦᠷᠢᠵᠢᠭᠤᠯᠵᠦ᠂ ᠣᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠠᠰᠢᠭ ᠲᠤᠰᠠ ᠶᠢ ᠬᠦᠷᠳᠡᠭᠡᠭᠦ ᠶᠢᠨ ᠲᠦᠯᠦᠭᠡ᠂ ᠠᠢ ᠮᠢᠨ ᠵᠢᠶᠠ ᠶᠤᠸᠠᠨ ᠨᠡᠶᠢᠭᠡᠮ ᠲᠣᠭᠤᠷᠢᠭ ᠨᠡᠶᠢᠭᠡᠮ ᠲᠣᠭᠤᠷᠢᠭ ᠤᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠦᠨᠳᠦᠰᠦᠨ ᠪᠠᠶᠢᠳᠠᠯ ᠢ ᠤᠯᠠᠮ ᠲᠡᠭᠦᠯᠳᠡᠷᠵᠢᠭᠦᠯᠵᠡᠶ᠃ ᠵᠠᠷᠢᠮ ᠨᠠᠰᠤ ᠠᠬᠢᠭᠰᠠᠨ᠂ ᠬᠡᠪᠲᠡᠷᠢ ᠳᠤ ᠣᠷᠣᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠳ᠂ ᠠᠵᠢᠯᠲᠠᠳ ᠬᠡᠷ ᠲᠤᠨᠢ ᠬᠦᠷᠴᠦ ᠨᠠᠰᠤᠲᠠᠶᠢᠴᠤᠳ ᠲᠤ ᠣᠨ ᠤ ᠪᠠᠶᠢᠴᠠᠭᠠᠯᠲᠠ  ᠬᠢᠬᠦ ᠬᠡᠷᠡᠴᠢᠯᠡᠯ ᠦᠢᠯᠡᠴᠢᠯᠡᠬᠦ ᠠᠵᠢᠯ ᠢ ᠥᠷᠨᠢᠭᠦᠯᠪᠡ᠃ ᠡᠭᠦᠨ ᠤ ᠬᠠᠮᠲᠤ ᠨᠡᠶᠢᠭᠡᠮ ᠲᠣᠭᠤᠷᠢᠭ ᠨᠢ ᠰᠦᠯᠵᠢᠶᠡᠨ ᠳᠡᠭᠡᠷᠡᠬᠢ ᠣᠨ ᠤ ᠪᠠᠶᠢᠴᠠᠭᠠᠯᠲᠠ ᠶᠢᠨ ᠭᠡᠷᠡᠴᠢᠯᠡᠯ ᠤᠨ ᠦᠢᠯᠡᠴᠢᠯᠡᠭᠡ ᠶᠢ ᠨᠡᠪᠲᠡᠷᠡᠭᠦᠯᠵᠡᠶ᠂ ᠨᠠᠰᠤᠲᠠᠶᠢᠴᠤᠳ ᠤᠨ ᠦᠷ᠎ᠡ ᠬᠡᠤᠬᠡᠳ ᠨᠢ ᠠᠵᠢᠯᠲᠠᠨ ᠤ ᠬᠠᠩᠭᠠᠭᠰᠠᠨ ᠣᠨ ᠤ ᠪᠠᠶᠢᠴᠠᠭᠠᠯᠲᠠ ᠶᠢᠨ ᠱᠠᠭᠠᠷᠳᠠᠯᠭ᠎ᠠ ᠶᠤᠰᠤᠭᠠᠷ᠂ ᠨᠠᠰᠤᠲᠠᠶᠢᠴᠤᠳ ᠢ ᠬᠠᠪᠰᠤᠷᠤᠨ ᠰᠦᠯᠵᠢᠶᠡᠨ ᠳᠡᠭᠡᠷ᠎ᠡ ᠣᠨ ᠤ ᠪᠠᠶᠢᠴᠠᠭᠠᠯᠲᠠ ᠬᠢᠵᠦ ᠭᠡᠷᠡᠴᠢᠯᠡᠬᠦ ᠠᠵᠢᠯ ᠢ ᠪᠡᠶᠡᠯᠡᠭᠦᠯᠦᠨ᠎ᠡ᠃      ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠣᠨ ᠤ ᠪᠠᠶᠢᠴᠠᠭᠠᠯᠲᠠ ᠶᠢᠨ ᠭᠡᠷᠡᠴᠢᠯᠡᠯ ᠤᠨ ᠠᠵᠢᠯ ᠨᠢ ᠲᠣᠣᠷ ᠰᠦᠯᠵᠢᠶ᠎ᠡ᠂ ᠪᠣᠳᠠᠲᠤ ᠴᠣᠭᠴᠠ ᠶᠢᠨ ᠡᠮᠬᠢ ᠵᠢᠷᠤᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠣᠨ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢᠨ ᠥᠷᠭᠡᠵᠢᠯ ᠨᠢ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠲᠤᠶᠢᠯ ᠤᠨ ᠶᠡᠭᠡ ᠪᠠᠷ ᠬᠠᠩᠭᠠᠵᠤ᠂ ᠣᠨ ᠤ ᠪᠠᠶᠢᠴᠠᠭᠠᠯᠲᠠ ᠶᠢᠨ ᠭᠡᠷᠡᠴᠢᠯᠡᠬᠦ ᠠᠵᠢᠯ ᠳᠤ ᠬᠥᠮᠦᠨ ᠢ ᠭᠤᠭᠤᠵᠢᠭᠤᠯᠬᠤ ᠦᠭᠡᠶ᠂ ᠡᠷᠦᠬᠡ ᠶᠢ ᠭᠤᠭᠤᠵᠢᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号