ᠮᠢᠨ ᠳ᠋ᠡ ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2020/9/22
     ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠨᠠᠩ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠃ 9 ᠰᠠᠷ᠎ᠠ ᠶᠢᠨ 21 ᠤ ᠡᠳᠦᠷ᠂ ᠮᠢᠨ ᠳ᠋ᠡ ᠨᠡᠶᠢᠭᠡᠮ ᠲᠣᠭᠤᠷᠢᠭ ︽ᠭᠠᠵᠢᠭᠤ ᠨᠣᠮᠯᠠᠯ ᠢ ᠡᠰᠡᠷᠭᠦᠴᠡᠬᠦ ᠭᠤᠤᠯ ᠰᠡᠳᠦᠪᠳᠦ ᠤᠬᠠᠭᠤᠯᠭ᠎ᠠ ᠶᠢᠨ ᠲᠠᠶᠢᠯᠤᠮᠵᠢ︾ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠰᠠᠭᠤᠭᠠᠯᠢ ᠠᠷᠠᠳ ᠲᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠭᠦᠨ ᠤ ᠬᠠᠮᠲᠤ ᠰᠠᠭᠤᠭᠠᠯᠢ ᠠᠷᠠᠳ ᠲᠠᠢ ᠨᠢᠭᠤᠷᠳᠠᠨ ᠤᠬᠠᠭᠤᠯᠭ᠎ᠠ ᠬᠥᠮᠦᠵᠢᠯ ᠬᠢᠵᠦ᠂ ᠣᠯᠠᠨ ᠲᠦᠮᠡᠨ ᠤ ᠲᠤᠷᠠᠳᠤᠭᠰᠠᠨ ᠭᠠᠵᠢᠭᠤ ᠪᠤᠷᠤᠭᠤ ᠶᠢ ᠡᠰᠡᠷᠭᠦᠴᠡᠬᠦ ᠬᠠᠮᠢᠶ᠎ᠠ ᠪᠦᠬᠦᠢ ᠠᠰᠠᠭᠤᠳᠠᠯ ᠳᠤ ᠠᠰᠠᠭᠤᠯᠲᠠ ᠶᠢ ᠬᠠᠷᠢᠭᠤᠯᠵᠠᠶ᠃ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠲᠤᠬᠠᠶ ᠨᠠᠩ ᠭᠦᠨ ᠳᠠᠪᠬᠤᠷᠭ᠎ᠠ ᠶᠢᠨ ᠣᠶᠢᠯᠠᠭᠠᠯᠲᠠ ᠲᠠᠢ ᠪᠣᠯᠭᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠥᠮᠦᠨ ᠢ ᠮᠡᠬᠡᠯᠡᠵᠦ ᠬᠥᠮᠦᠨ ᠢ ᠬᠤᠣᠷᠯᠠᠬᠤ ᠮᠥᠨ ᠴᠢᠨᠠᠷ ᠤᠨ ᠲᠤᠬᠠᠶ ᠣᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠭᠠᠵᠢᠭᠤ ᠨᠣᠮᠯᠠᠯ ᠤᠨ ᠬᠤᠪᠢ ᠬᠥᠮᠦᠨ᠂ ᠭᠡᠷ ᠪᠦᠯᠢ᠂ ᠨᠡᠶᠢᠭᠡᠮ ᠳᠤ ᠦᠵᠡᠭᠦᠯᠬᠦ ᠬᠤᠤᠷ ᠬᠥᠨᠥᠭᠡᠯ ᠢ ᠭᠦᠨᠵᠡᠭᠡᠶ ᠲᠠᠨᠢᠵᠤ ᠣᠯᠵᠠᠶ᠃ ᠠᠵᠢᠯᠲᠠᠳ ᠬᠠᠷᠢᠶ᠎ᠠ ᠣᠷᠣᠨ ᠤ ᠰᠠᠭᠤᠭᠠᠯᠢ ᠠᠷᠠᠳ ᠢ ᠳᠠᠶᠢᠴᠢᠯᠠᠨ ᠭᠠᠵᠢᠭᠤ ᠪᠤᠷᠤᠭᠤ ᠶᠢ ᠰᠡᠷᠭᠡᠶᠢᠯᠡᠬᠦ᠂ ᠭᠠᠵᠢᠭᠤ ᠪᠤᠷᠤᠭᠤ ᠶᠢ ᠡᠰᠡᠷᠭᠦᠴᠡᠬᠦ ᠠᠵᠢᠯᠯᠠᠭ᠎ᠠ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠠᠮᠢᠳᠤᠷᠠᠯ ᠤᠨ ᠦᠵᠡᠯᠲᠡ ᠶᠢ ᠬᠥᠮᠦᠵᠢᠭᠦᠯᠦᠨ᠎ᠡ᠃      ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠲᠤ ᠭᠠᠵᠢᠭᠤ ᠨᠣᠮᠯᠠᠯ ᠤᠨ ᠬᠥᠮᠦᠰ ᠤᠨ ᠰᠡᠳᠬᠢᠯ ᠢ ᠲᠥᠭᠡᠷᠢᠭᠦᠯᠬᠦ᠂ ᠣᠯᠠᠨ ᠲᠦᠮᠡᠨ ᠢ ᠮᠡᠬᠡᠯᠡᠬᠦ᠂ ᠰᠢᠨᠵᠢᠯᠡᠬᠦ ᠤᠬᠠᠭᠠᠨ ᠢ  ᠡᠰᠡᠷᠭᠦᠴᠡᠬᠦ‍ ᠵᠢᠭᠰᠢᠭᠦᠷᠢᠲᠦ ᠳᠦᠷᠢ ᠶᠢ ᠰᠡᠷᠭᠡᠭ ᠲᠠᠨᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠵᠢᠭᠤ ᠨᠣᠮᠯᠠᠯ ᠢ ᠤᠬᠠᠮᠰᠠᠷ ᠠᠴᠠ ᠪᠠᠨ ᠰᠡᠷᠭᠡᠶᠢᠯᠡᠨ ᠬᠤᠷᠢᠭᠯᠠᠬᠤ ᠤᠬᠠᠮᠰᠠᠷ ᠢ ᠨᠡᠮᠡᠭᠳᠡᠭᠦᠯᠵᠡᠶ᠃ ᠵᠥᠪ ᠪᠤᠷᠤᠭᠤ ᠶᠢ ᠢᠯᠭᠠᠬᠤ ᠴᠢᠳᠠᠪᠤᠷᠢ ᠪᠠ ᠭᠠᠵᠢᠭᠤ ᠪᠤᠷᠤᠭᠤ ᠶᠢ ᠮᠡᠳᠡᠬᠦ᠂ ᠭᠠᠵᠢᠭᠤ ᠪᠤᠷᠤᠭᠤ ᠶᠢ ᠲᠠᠨᠢᠬᠤ᠂ ᠭᠠᠵᠢᠭᠤ ᠪᠤᠷᠤᠭᠤ ᠶᠢ ᠡᠰᠡᠷᠭᠦᠴᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃  
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号