ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/22
     ᠡᠨᠡ ᠵᠢᠯ ᠤᠨ 9 ᠰᠠᠷ᠎ᠠ ᠪᠣᠯ ᠪᠦᠬᠦ ᠲᠤᠭᠤᠷᠢᠭ ᠤᠨ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠪᠣᠯᠤᠨ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠯᠢᠶᠠᠩ ᠵᠢᠶᠠ ᠭᠸᠦ ᠵᠡᠭᠡᠯᠢ ᠭᠤᠳᠤᠮᠵᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠢᠯᠠᠯᠲᠠ ᠶᠢ ᠲᠡᠮᠡᠴᠡᠨ ᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠨᠡᠮᠡᠷᠢᠯᠡᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠬᠤ ᠶᠢᠨ ᠲᠦᠯᠦᠭᠡ᠂ ᠵᠡᠭᠡᠯᠢ ᠭᠤᠳᠤᠮᠵᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠯᠭᠠᠬᠤ︾ ᠡᠨᠡ ᠬᠦ ᠠᠵᠢᠯ ᠤᠨ ᠭᠤᠣᠯ ᠰᠢᠵᠢᠮ ᠢ ᠴᠢᠩᠭ᠎ᠠ ᠠᠳᠬᠤᠵᠤ᠂ ︽ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾ ᠡᠨᠡ ᠬᠦ ᠴᠠᠭ ᠦᠶ᠎ᠡ ᠶᠢᠨ ᠭᠤᠤᠯ ᠰᠡᠳᠦᠪᠲᠦ  ᠠᠩᠬᠠᠷᠤᠯ ᠢᠶᠠᠨ ᠲᠥᠪᠯᠡᠷᠡᠭᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠡᠨᠡ ᠬᠦ ᠶᠡᠷᠦᠩᠬᠡᠶ ᠬᠠᠷᠠᠯᠲᠠ ᠶᠢ ᠪᠠᠷᠢᠮᠲᠠᠯᠠᠪᠠ᠃ ᠠᠯᠢ ᠣᠯᠠᠨ ᠪᠠᠶᠠᠯᠢᠭ ᠰᠠᠶᠢᠬᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠬᠠᠷᠢᠶ᠎ᠠ ᠤᠷᠤᠨ ᠳᠠᠬᠢ ᠡᠯ᠎ᠡ ᠦᠨᠳᠦᠰᠦᠲᠡᠨ ᠤ ᠣᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠪᠡ᠃
     1᠂ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠵᠡᠭᠡᠯᠢ ᠭᠤᠳᠤᠮᠵᠢ ᠶᠢᠨ ᠬᠤᠷᠰᠢᠶ᠎ᠠ ᠶᠢᠨ ᠠᠵᠢᠯᠲᠠᠨ ᠤ ᠪᠣᠯᠪᠠᠰᠤᠷᠠᠭᠤᠯᠤᠯ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠨᠢ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠦᠨᠳᠦᠰᠦᠲᠡᠨ ᠤ ᠤᠨᠤᠯ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠣᠯᠠᠮᠵᠢᠯᠠᠨ ᠰᠤᠷᠤᠯᠴᠠᠨ᠎ᠠ᠃ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠡᠯ᠎ᠡ ᠦᠨᠳᠦᠰᠦᠲᠡᠨ ᠤ ᠣᠯᠠᠨ ᠲᠦᠮᠡᠨ ᠪᠦᠯᠬᠦᠮᠳᠡᠨ ᠨᠢᠭᠡ ᠰᠡᠳᠬᠢᠯ ᠢᠶᠠᠷ ᠪᠦᠯᠬᠦᠮᠳᠡᠨ ᠨᠢᠭᠲᠠᠷᠠᠵᠤ ᠬᠢᠵᠢᠭ ᠤᠨ ᠪᠠᠶᠢᠳᠠᠯ ᠢ ᠡᠰᠡᠷᠭᠦᠴᠡᠭᠰᠡᠨ ᠪᠠᠷᠢᠮᠲᠠᠲᠤ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠦᠨᠳᠦᠰᠦᠲᠡᠨ ᠤ ᠠᠵᠢᠯ ᠤᠨ ᠣᠨᠣᠯ ᠤᠨ ᠵᠢᠭᠠᠯᠲᠠ ᠶᠢ ᠵᠣᠬᠢᠶᠠᠨ ᠪᠠᠶᠢᠭᠤᠯᠵᠤ ᠰᠤᠷᠤᠯᠴᠠᠭᠤᠯᠬᠤ ᠵᠡᠷᠭᠡ ᠪᠣᠯᠤᠨ᠎ᠠ᠃      2᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠵᠡᠭᠡᠯᠢ ᠭᠤᠳᠤᠮᠵᠢ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠤᠷᠢᠶ᠎ᠠ ᠡᠯᠭᠦᠵᠦ᠂ ᠵᠡᠭᠡᠯᠢ ᠭᠤᠳᠤᠮᠵᠢ ᠶᠢᠨ ᠵᠠᠰᠠᠭ ᠤᠨ ᠶᠠᠪᠤᠳᠠᠯ ᠤᠨ ᠲᠥᠪ ᠤᠨ LED ᠲᠣᠮᠣ ᠳᠡᠯᠭᠡᠴᠡ᠂ ᠨᠡᠶᠢᠭᠡᠮ ᠲᠣᠭᠤᠷᠢᠭ ᠤᠨ ᠭᠦᠢᠯᠭᠡᠭᠡᠨ ᠤ ᠲᠥᠪ ᠵᠡᠷᠭᠡ ᠦᠨᠳᠦᠰᠦᠲᠡᠨ ᠤ ᠠᠵᠢᠯ ᠤᠨ ᠤᠬᠠᠭᠤᠯᠭ᠎ᠠ ᠶᠢᠨ ᠠᠭᠤᠯᠭ᠎ᠠ ᠶᠢ ᠦᠷᠭᠦᠯᠵᠢᠯᠡᠨ ᠨᠡᠪᠲᠡᠷᠡᠭᠦᠯᠵᠦ᠂ ᠴᠡᠴᠡᠷᠯᠢᠭ᠂ ᠬᠤᠳᠠᠯᠳᠤᠭᠠᠨ ᠤ ᠲᠠᠯᠠᠪᠠᠢ ᠵᠡᠷᠭᠡ ᠬᠥᠮᠦᠰ ᠤᠨ ᠴᠤᠭᠯᠠᠷᠠᠭᠰᠠᠨ ᠭᠠᠵᠠᠷ ᠲᠤ ᠦᠨᠳᠦᠰᠦᠲᠡᠨ ᠤ ᠠᠵᠢᠯ ᠵᠢᠴᠢ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠦᠬᠦᠢ ᠭᠠᠷ ᠳᠡᠪᠲᠡᠷ ᠢ ᠲᠠᠷᠬᠠᠭᠠᠵᠤ᠂ ᠤᠬᠠᠭᠤᠯᠭ᠎ᠠ ᠶᠢᠨ ᠵᠠᠷ ᠨᠠᠭᠠᠪᠠ᠃ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠤ ᠵᠠᠭᠤᠴᠢᠯᠠᠭᠤᠷ ᠢᠶᠠᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠯᠬᠢᠨ ᠬᠦᠷᠭᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠳᠠᠭᠤᠨ ᠢ ᠢᠳᠡᠪᠬᠢᠲᠡᠢ ᠳᠠᠮᠵᠢᠭᠤᠯᠤᠨ᠎ᠠ᠃      3᠂ ᠡᠷᠦᠬᠡ ᠳᠤ ᠣᠷᠣᠵᠤ ᠴᠥᠭᠡᠨ ᠲᠣᠭᠠᠲᠤ ᠦᠨᠳᠦᠰᠦᠲᠡᠨ ᠤ ᠬᠦᠴᠢᠷᠳᠡᠯᠲᠡᠶ ᠭᠡᠷ ᠪᠦᠯᠢ ᠶᠢ ᠲᠣᠬᠤᠨᠢᠭᠤᠯᠪᠠ᠃ ᠴᠥᠭᠡᠨ ᠲᠣᠭᠠᠲᠤ ᠦᠨᠳᠦᠰᠦᠲᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ  ᠨᠠᠶᠢᠳᠠᠪᠦᠷᠢᠵᠢᠭᠤᠯᠵᠦ᠂ ᠬᠠᠷᠢᠶᠠᠲᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠭᠡᠷ ᠪᠦᠯᠢ ᠵᠢᠴᠢ ᠤᠶᠤᠲᠠᠳ ᠢ ᠲᠣᠬᠤᠨᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠶᠤᠲᠠᠳ ᠤᠨ ᠲᠤᠰᠠᠯᠠᠮᠵᠢ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠠᠢ ᠤᠬᠠᠭᠤᠯᠵᠠᠶ᠃ ᠠᠵᠢᠯ ᠣᠯᠬᠤ ᠳᠤ ᠬᠦᠴᠢᠷᠲᠡᠶ ᠭᠡᠷ ᠪᠦᠯᠢ ᠳᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ ᠵᠡᠷᠭᠡ ︽ᠲᠥᠷᠥ ᠶᠢᠨ ᠪᠣᠳᠣᠯᠭ᠎ᠠ ᠶᠢ ᠲᠣᠳᠣᠷᠬᠠᠶ ᠶᠠᠷᠢᠵᠤ᠂ ᠵᠠᠩᠭᠢᠯᠠᠭ᠎ᠠ ᠶᠢ ᠰᠠᠶᠢᠲᠤᠷ ᠡᠵᠡᠮᠰᠢᠵᠦ᠂ ᠴᠤᠪᠤᠷᠠᠯ ᠢ ᠮᠠᠰᠢ ᠰᠠᠶᠢᠨ ᠣᠶᠢᠯᠠᠭᠠᠬᠤ︾ ᠶᠢ ᠪᠡᠶᠡᠯᠡᠭᠦᠯᠬᠦ ᠬᠡᠷᠡᠭᠲᠡᠶ᠃      4᠂ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠪᠡ᠃ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠣᠨᠣᠯ ᠢᠶᠠᠷ ᠵᠡᠪᠰᠡᠭᠯᠡᠬᠦ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠬᠤ ᠶᠢ ᠪᠦᠬᠦ ᠬᠦᠴᠦᠨ ᠢᠶᠠᠷ ᠠᠬᠢᠭᠤᠯᠵᠤ ᠂ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠶᠡᠭᠡ ᠪᠠᠷ ᠤᠬᠠᠭᠤᠯᠵᠤ᠂ ᠲᠤᠰᠬᠠᠶ ᠰᠡᠳᠦᠪᠲᠦ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠨᠢᠭᠡ ᠤᠳᠠᠭ᠎ᠠ ᠡᠷᠬᠢᠯᠡᠪᠡ᠃    5᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠬᠠᠷᠢᠶ᠎ᠠ ᠣᠷᠣᠨ ᠤ ᠳᠣᠲᠣᠷᠠᠬᠢ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠷᠢᠯᠴᠠᠵᠤ᠂ ᠨᠢᠭᠡ ᠤᠳᠠᠭᠠᠨ ᠤ ᠵᠢᠷᠦᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠯ᠎ᠡ ᠦᠨᠳᠦᠰᠦᠲᠡᠨ ᠤ ᠣᠯᠠᠨ ᠲᠦᠮᠡᠨ ᠢ ᠬᠠᠪᠰᠤᠷᠤᠨ ᠪᠡᠶ᠎ᠡ ᠶᠢᠨ ᠪᠠᠶᠢᠴᠠᠭᠠᠯᠲᠠ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠴᠢᠰᠤᠨ ᠳᠠᠷᠤᠯᠲᠠ ᠶᠢ ᠲᠥᠯᠥᠪᠦᠷᠢ ᠦᠭᠡᠶ ᠪᠠᠷ ᠬᠡᠮᠵᠢᠵᠦ᠂ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠥᠲᠡᠭᠦᠰ ᠤᠨ ᠴᠢᠨᠠᠷᠲᠠᠢ ᠡᠪᠡᠳᠴᠢᠨ ᠳᠤ ᠴᠢᠭᠯᠡᠭᠦᠯᠦᠨ ᠰᠢᠰᠲ᠋ᠧᠮ ᠲᠠᠢ ᠣᠨᠣᠰᠢᠯᠠᠨ ᠵᠠᠰᠠᠬᠤ ᠲᠥᠰᠦᠯ ᠣᠯᠭᠤᠵᠤ᠂ ᠠᠰᠠᠭᠤᠨ ᠯᠠᠪᠯᠠᠵᠦ᠂ ᠪᠠᠶᠢᠴᠠᠭᠠᠭᠰᠠᠨ ᠰᠠᠭᠤᠭᠠᠯᠢ ᠠᠷᠠᠳ ᠤᠨ ᠡᠳᠦᠷ ᠲᠤᠲᠤᠮ ᠤᠨ ᠡᠷᠡᠭᠦᠯ ᠮᠡᠨᠳᠦ ᠶᠢᠨ ᠮᠡᠳᠡᠯᠭᠡ ᠪᠠ ᠥᠪᠡᠷ ᠢ ᠪᠠᠨ ᠡᠷᠡᠭᠦᠯᠵᠢᠭᠦᠯᠬᠦ ᠠᠷᠭ᠎ᠠ ᠨᠤᠭᠤᠳ ᠢ ᠲᠠᠶᠢᠯᠪᠤᠷᠢᠯᠠᠪᠠ᠃ ᠡᠯ᠎ᠡ ᠦᠨᠳᠦᠰᠦᠲᠡᠨ ᠤ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠨᠠᠮ ᠤᠨ ᠬᠠᠯᠠᠮᠵᠢᠯᠠᠯ ᠪᠣᠯᠤᠨ ᠡᠬᠡ ᠤᠯᠤᠰ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨᠬᠦ  ᠮᠡᠳᠡᠷᠡᠭᠦᠯᠬᠦ ᠬᠡᠷᠡᠭᠲᠡᠶ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号