ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ | ᠺᠠᠳ᠋ᠷ ᠠᠵᠢᠯᠲᠠᠨ ᠠᠵᠢᠯᠴᠢᠨ ᠤ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠣᠨᠣᠯ᠂ ᠲᠥᠷᠥ ᠶᠢᠨ ᠪᠣᠳᠣᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠨ ᠮᠡᠳᠡᠯᠭᠡ ᠶᠢ ᠰᠤᠷᠤᠯᠴᠠᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠮᠡᠳᠡᠯᠭᠡ ᠶᠢ ᠮᠡᠳᠡᠬᠦ ᠨᠤᠷᠮ᠎ᠠ ᠶᠢ ᠳᠡᠭᠡᠭᠰᠢᠯᠡᠭᠦᠯᠬᠦ ᠶᠢᠨ ᠲᠦᠯᠦᠭᠡ᠂ | 9 ᠰᠠᠷ᠎ᠠ ᠶᠢᠨ 22 ᠤ ᠡᠳᠦᠷ᠂ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠨᠡᠶᠢᠭᠡᠮ | ᠲᠣᠭᠤᠷᠢᠭ ᠤᠨ ᠬᠤᠶᠠᠷ ᠵᠥᠪᠯᠡᠯ ᠤᠨ ᠠᠵᠢᠯᠲᠠᠨ ᠪᠠ ᠲᠣᠣᠷᠴᠢ ᠭᠡᠰᠢᠭᠦᠳ ᠢ ᠵᠣᠬᠢᠶᠠᠨ ᠪᠠᠶᠢᠭᠤᠯᠵᠤ ᠤᠳᠠ | ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠥᠷᠨᠢᠭᠦᠯᠦᠭᠰᠡᠨ ᠦᠨᠳᠦᠰᠦᠲᠡᠨ ᠤ ᠠᠵᠢᠯ ᠤᠨ | ᠤᠨᠤᠯ ᠤᠨ ᠮᠡᠳᠡᠯᠭᠡ ᠶᠢᠨ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠳᠤ ᠣᠷᠣᠯᠴᠠᠭᠤᠯᠪᠠ᠃ | ᠡᠨᠡ ᠬᠦ ᠬᠥᠳᠡᠯᠭᠡᠭᠡᠨ ᠢᠶᠠᠷ ᠳᠠᠮᠵᠢᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠰᠡᠳᠦᠪ ᠬᠠᠷᠢᠭᠤᠯᠬᠤ | ᠶᠠᠪᠤᠴᠠ ᠳᠤ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠮᠡᠳᠡᠯᠭᠡ ᠶᠢ ᠤᠯᠠᠮ ᠨᠢᠭᠡ | ᠠᠯᠬᠤᠮ ᠡᠵᠡᠮᠰᠢᠭᠦᠯᠵᠦ᠂ ᠨᠠᠮ ᠪᠣᠯᠤᠨ ᠤᠯᠤᠰ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ | ᠬᠠᠤᠯᠢ ᠲᠣᠭᠲᠠᠭᠠᠯ ᠳᠤ ᠨᠡᠩ ᠭᠦᠨᠵᠡᠭᠡᠶ ᠲᠠᠨᠢᠯᠲᠠ ᠣᠶᠢᠯᠠᠭᠠᠯᠲᠠ ᠲᠠᠢ ᠪᠣᠯᠭᠠᠵᠠᠶ᠃ ᠥᠷᠭᠡᠨ ᠣᠯᠠᠨ ᠺᠠᠳ᠋ᠷ | ᠠᠵᠢᠯᠲᠠᠨ ᠠᠵᠢᠯᠴᠢᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠤ ᠣᠷᠣᠯᠴᠠᠬᠤ | ᠢᠳᠡᠪᠬᠢᠵᠢᠯ ᠢ ᠪᠦᠲᠦᠮᠵᠢᠲᠡᠶ ᠳᠠᠶᠢᠴᠢᠯᠠᠵᠤ᠂ ᠺᠠᠳ᠋ᠷ ᠠᠵᠢᠯᠲᠠᠨ ᠠᠵᠢᠯᠴᠢᠨ ᠤ ᠢᠳᠡᠪᠬᠢᠲᠠᠢ ᠰᠤᠷᠤᠯᠴᠠᠬᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠪᠠ᠃ | | | | | | | |