ᠠᠨ ᠵᠢᠤᠢ ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠠᠢ ᠥᠷᠨᠢᠭᠦᠯᠪᠡ
ᠨᠡᠶᠢᠲᠡᠯᠡᠭᠰᠡᠨ ᠴᠠᠭ᠄
2020/9/22
     ᠨᠡᠶᠢᠭᠡᠮ ᠲᠣᠭᠤᠷᠢᠭ ᠤᠨ ᠣᠯᠠᠨ ᠲᠦᠮᠡᠨ ᠤ ᠭᠠᠵᠢᠭᠤ ᠪᠤᠷᠤᠭᠤ ᠶᠢ ᠰᠡᠷᠭᠡᠶᠢᠯᠡᠬᠦ᠂ ᠭᠠᠵᠢᠭᠤ ᠪᠤᠷᠤᠭᠤ ᠶᠢ ᠡᠰᠡᠷᠭᠦᠴᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠦ᠂ ᠭᠠᠵᠢᠭᠤ ᠪᠤᠷᠤᠭᠤ ᠶᠢ ᠡᠰᠡᠷᠭᠦᠴᠡᠬᠦ᠂ ᠭᠠᠵᠢᠭᠤ ᠪᠤᠷᠤᠭᠤ ᠶᠢ ᠰᠡᠷᠭᠡᠶᠢᠯᠡᠬᠦ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠢᠳᠡᠪᠬᠢᠲᠡᠶ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠵᠢᠭᠤ ᠨᠣᠮᠯᠠᠯ ᠤᠨ ᠨᠡᠷᠪᠡᠯᠲᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠢᠳᠡᠪᠬᠢᠲᠡᠶ ᠥᠭᠡᠳᠡᠷᠬᠡᠭ ᠪᠥᠭᠡᠳ ᠡᠷᠡᠭᠦᠯ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠬᠤ ᠶᠢᠨ ᠲᠦᠯᠦᠭᠡ᠂ ᠣᠶᠢᠷ᠎ᠠ ᠳᠤ᠂ ᠠᠨ ᠵᠢᠤᠢ ᠵᠢᠶᠠ ᠶᠤᠸᠠᠨ ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠨᠡᠶᠢᠭᠡᠮ ᠲᠣᠭᠤᠷᠢᠭ ᠤᠨ ᠠᠵᠢᠯᠲᠠᠳ ᠣᠯᠠᠨ ᠲᠦᠮᠡᠨ ᠳᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠬᠠᠮᠢᠶ᠎ᠠ ᠪᠦᠬᠦᠢ ᠮᠡᠳᠡᠯᠭᠡ ᠶᠢ ᠡᠷᠦᠬᠡ ᠳᠤ ᠣᠷᠣᠭᠤᠯᠵᠤ᠂ ᠭᠠᠵᠢᠭᠤ ᠨᠤᠮᠯᠠᠯ ᠤᠨ ᠬᠠᠯᠳᠠᠯᠭ᠎ᠠ ᠶᠢ ᠬᠡᠷᠬᠢᠨ ᠬᠤᠷᠢᠭᠯᠠᠬᠤ ᠲᠤᠬᠠᠶ ᠣᠯᠠᠨ ᠲᠦᠮᠡᠨ ᠳᠤ ᠤᠬᠠᠭᠤᠯᠵᠤ᠂ ᠭᠠᠵᠢᠭᠤ ᠨᠣᠮᠯᠠᠯ ᠤᠨ ᠮᠥᠨ ᠴᠢᠨᠠᠷ ᠤᠨ ᠬᠤᠤᠷ ᠬᠥᠨᠥᠭᠡᠯ ᠢ ᠥᠷᠭᠡᠨ ᠤᠯᠠᠨ ᠲᠦᠮᠡᠨ ᠳᠤ ᠲᠠᠨᠢᠭᠤᠯᠪᠠ᠃ ᠪᠠᠰᠠ ᠵᠠᠷᠢᠮ ᠬᠥᠮᠦᠨ ᠮᠡᠳᠡᠬᠦ ᠦᠭᠡᠢ ᠭᠠᠵᠢᠭᠤ ᠨᠣᠮᠯᠠᠯ ᠢ ᠣᠯᠠᠨ ᠲᠦᠮᠡᠨ ᠳᠤ ᠣᠶᠢᠯᠠᠭᠠᠭᠤᠯᠵᠤ᠂ ᠡᠭᠦᠨ ᠤ ᠤᠯᠠᠮ ᠠᠴᠠ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠨᠡᠮᠡᠭᠳᠡᠭᠦᠯᠵᠦ᠂ ᠰᠣᠨᠣᠰᠬᠤ ᠦᠭᠡᠢ᠂ ᠢᠲᠡᠭᠡᠬᠦ ᠦᠭᠡᠢ᠂ ᠤᠯᠠᠮᠵᠢᠯᠠᠬᠤ ᠦᠭᠡᠢ ᠪᠠᠶᠢᠬᠤ ᠶᠢ ᠪᠡᠶᠡᠯᠡᠭᠦᠯᠪᠡ᠃
     ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠥᠷᠭᠡᠨ ᠤᠯᠠᠨ ᠲᠦᠮᠡᠨ ᠳᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠤᠤᠷ ᠬᠦᠨᠦᠭᠡᠯᠲᠦ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠨᠢ ᠴᠢᠩᠭᠠᠷᠠᠭᠤᠯᠪᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号