ᠰᠠᠨ ᠳ᠋ᠤᠤ ᠺᠠᠨ ᠵᠡᠭᠡᠯᠢ ᠭᠤᠳᠤᠮᠵᠢ ᠪᠢᠳᠡᠨ ᠤ ᠪᠠᠶᠠᠷ ᠤᠨ ᠡᠳᠦᠷ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠪᠤᠯᠪᠠᠰᠤᠨ ᠬᠤᠭᠤᠯᠠᠨ ᠰᠢᠷᠡᠭᠡ᠂ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2020/9/28
     ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠰᠠᠨᠠᠭᠠᠴᠢᠯᠠᠵᠤ᠂ ᠱᠠᠯᠢᠨ ᠪᠦᠷᠢᠯᠭᠡᠬᠦ ᠶᠢ ᠬᠤᠷᠢᠭᠯᠠᠵᠤ᠂ ᠲᠡᠷᠭᠡᠯ ᠰᠠᠷᠠᠨ ᠤ ᠪᠠᠶᠠᠷ ᠬᠦᠷᠴᠦ ᠢᠷᠡᠬᠦ ᠲᠠᠰᠢᠷᠠᠮ ᠳᠤ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ ᠢ ᠪᠣᠯᠪᠠᠰᠤᠨ ᠪᠣᠬᠢᠷᠲᠤᠯ ᠦᠭᠡᠶ ᠬᠤᠭᠤᠯᠠ ᠢᠳᠡᠬᠦ ᠤᠶᠢᠯᠭᠠᠭᠳᠠᠬᠤᠨ ᠵᠢᠴᠢ ᠣᠶᠤᠨᠴᠢ ᠬᠡᠷᠡᠭᠯᠡᠭᠡᠨ ᠤ ᠬᠤᠭᠤᠯᠠ ᠢᠳᠡᠬᠦ ᠣᠷᠴᠢᠨ ᠢ ᠢᠳᠡᠪᠬᠢᠲᠡᠶ ᠰᠠᠨᠠᠭᠠᠴᠢᠯᠠᠭᠤᠯᠬᠤ ᠶᠢᠨ ᠲᠦᠯᠦᠭᠡ᠂ 9 ᠰᠠᠷ᠎ᠠ ᠶᠢᠨ 27 ᠤ ᠡᠳᠦᠷ᠂ ᠰᠠᠨ ᠳ᠋ᠤᠤ ᠺᠠᠨ ᠵᠡᠭᠡᠯᠢ ᠭᠤᠳᠤᠮᠵᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ  ᠠᠵᠢᠯᠲᠠᠨ ᠢᠶᠠᠨ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠳᠤ ᠪᠣᠯᠪᠠᠰᠤᠨ ᠬᠤᠭᠤᠯᠠᠨ ᠰᠢᠷᠡᠭᠡ᠂ ᠪᠣᠯᠪᠠᠰᠤᠨ  ᠵᠢᠭᠤᠯᠴᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠶᠠᠪᠤᠴᠠ ᠳᠤ ᠠᠵᠢᠯᠲᠠᠳ ᠰᠠᠭᠤᠭᠠᠯᠢ ᠠᠷᠠᠳ ᠲᠦᠮᠡᠨ ᠳᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠶᠡᠭᠡ ᠪᠠᠷ ᠤᠬᠠᠭᠤᠯᠤᠨ ᠪᠠᠳᠠᠷᠠᠭᠤᠯᠵᠦ᠂ ᠠᠷᠪᠢᠯᠠᠨ ᠭᠠᠮᠨᠠᠵᠤ ᠬᠤᠭᠤᠯᠠ ᠢᠳᠡᠬᠦ᠂ ᠪᠣᠯᠪᠠᠰᠤᠨ ᠢᠶᠠᠷ ᠬᠤᠭᠤᠯᠠ ᠢᠳᠡᠬᠦ᠂ ᠪᠣᠯᠪᠠᠰᠤᠨ ᠢᠶᠠᠷ ᠵᠤᠭᠠᠴᠠᠬᠤ ᠶᠢ ᠰᠠᠨᠠᠭᠠᠴᠢᠯᠠᠪᠠ︔ ᠬᠤᠭᠤᠯᠠ ᠢᠳᠡᠬᠦ ᠶᠣᠰᠣ ᠵᠢᠷᠤᠮ ᠢ ᠡᠷᠬᠢᠮᠯᠡᠵᠦ᠂ ᠶᠡᠭᠡ ᠳᠠᠭᠤᠨ ᠢᠶᠠᠷ  ᠥᠢᠮᠡᠯᠳᠦᠬᠦ ᠥᠬᠡᠶ᠂ ᠠᠷᠢᠬᠢᠨ ᠳᠤ ᠰᠢᠨᠤᠬᠤ ᠥᠬᠡᠶ᠂ ᠬᠡᠲᠦᠷᠡᠲᠡᠯ᠎ᠡ ᠢᠳᠡᠵᠦ ᠤᠤᠭᠤᠬᠤ ᠥᠬᠡᠶ︔ ᠪᠤᠬᠢᠷᠳᠠᠯ ᠦᠭᠡᠢ ᠵᠢᠭᠤᠯᠴᠢᠯᠠᠯ᠂ ᠤᠯᠠᠨ ᠨᠡᠶᠢᠲᠡ ᠶᠢᠨ ᠡᠮᠬᠢ ᠵᠢᠷᠤᠮ ᠢ ᠵᠢᠷᠦᠮᠯᠡᠨ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠵᠤ᠂ ᠲᠡᠤᠬᠡ ᠶᠢᠨ ᠳᠤᠷᠠᠰᠬᠠᠯᠲᠤ ᠵᠦᠢᠯ ᠡᠷᠲᠡᠨ ᠤ ᠦᠯᠡᠳᠡᠭᠳᠡᠯ ᠢ ᠬᠠᠶᠢᠷᠠᠯᠠᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠬᠤ ᠶᠢ ᠰᠠᠨᠠᠭᠠᠴᠢᠯᠠᠪᠠ︔ ᠪᠠᠰᠠ 70 ᠭᠠᠷᠤᠶ ᠬᠤᠪᠢ ᠪᠣᠯᠪᠠᠰᠤᠨ ᠢᠶᠠᠷ ᠬᠤᠭᠤᠯᠠ ᠢᠳᠡᠬᠦ᠂ ᠪᠣᠯᠪᠠᠰᠤᠨ ᠢᠶᠠᠷ ᠵᠢᠭᠤᠯᠴᠢᠯᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃      ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠰᠠᠭᠤᠭᠠᠯᠢ ᠠᠷᠠᠳ ᠣᠯᠠᠨ ᠢᠯᠡᠷᠬᠡᠶᠢᠯᠡᠭᠰᠡᠨ ᠨᠢ᠂ ᠡᠳᠦᠷ ᠲᠤᠲᠤᠮ ᠤᠨ ᠠᠮᠢᠳᠤᠷᠠᠯ ᠳᠤᠮᠳᠠ ᠡᠷᠬᠡᠪᠰᠢ ᠪᠣᠯᠪᠠᠰᠤᠨ ᠢᠶᠠᠷ ᠬᠤᠭᠤᠯᠠ ᠢᠳᠡᠬᠦ᠂ ᠪᠣᠯᠪᠠᠰᠤᠨ ᠢᠶᠠᠷ ᠵᠢᠭᠤᠯᠴᠢᠯᠠᠬᠤ ᠰᠠᠨᠠᠭᠠᠴᠢᠯᠠᠭ᠎ᠠ ᠶᠢ ᠵᠢᠷᠤᠮᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠬᠤ ᠬᠡᠷᠡᠭᠲᠡᠶ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号