9 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ | ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠲᠤᠭᠤᠶᠢᠯᠠᠩ ᠤᠨ ᠰᠤᠷᠤᠯᠴᠠᠯᠭ᠎ᠠ ᠶᠢᠨ | ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ | ᠥᠭᠦᠯᠡᠯᠲᠡ ᠪᠠ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ᠂ ︽ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠠᠴᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠬᠤ ᠲᠤᠬᠠᠶ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢ ᠲᠥᠪᠯᠡᠷᠡᠭᠦᠯᠦᠨ ᠰᠤᠷᠤᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ | ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠦᠨᠡᠨ ᠪᠣᠳᠠᠲᠠᠶ | ᠬᠡᠷᠡᠭᠯᠡᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠨᠳᠦᠰᠦᠲᠡᠨ ᠱᠠᠰᠢᠨ ᠰᠤᠷᠲᠠᠬᠤᠨ ᠤ ᠡᠯ᠎ᠡ | ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠱᠠᠯᠠᠪᠳᠠᠨ ᠪᠣᠳᠠᠲᠠᠶ ᠠᠳᠬᠤᠵᠤ ᠦᠷ᠎ᠡ ᠪᠦᠲᠦᠮᠵᠢ ᠭᠠᠷᠭᠠᠬᠤ | ᠬᠡᠷᠡᠭᠲᠡᠶ᠃ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ︾ ᠢ ᠰᠤᠷᠤᠯᠴᠠᠨ ᠲᠤᠭᠤᠰᠢᠯᠠᠭᠤᠯᠬᠤ ᠪᠠᠷ | ᠲᠣᠬᠢᠶᠠᠯ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ | ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ | ᠴᠥᠬᠦᠷᠡᠰᠢ ᠦᠭᠡᠢ ᠴᠢᠩᠭᠠᠳᠬᠠᠵᠤ᠂ ᠤᠯᠤᠰ ᠲᠦᠷᠦ ᠶᠢᠨ ᠠᠮᠢ ᠠᠬᠤᠢ ᠶᠢ ᠴᠥᠬᠦᠷᠡᠰᠢ ᠦᠭᠡᠢ ᠴᠡᠪᠡᠷᠰᠢᠭᠦᠯᠵᠦ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠪᠠᠶᠢᠭᠤᠯᠤᠮᠵᠢ ᠶᠢᠨ ᠣᠷᠣᠨ ᠲᠣᠭᠠᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠨᠠᠮ ᠤᠨ ᠲᠥᠪ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ | ᠣᠳᠤᠷᠢᠳᠤᠯᠭ᠎ᠠ ᠶᠢ ᠡᠷᠡᠰ ᠳᠠᠭᠠᠵᠤ᠂ ᠨᠠᠮ ᠪᠣᠯᠤᠨ ᠤᠯᠤᠰ ᠤᠨ ᠪᠠᠶᠢᠭᠤᠯᠤᠮᠵᠢ ᠣᠷᠣᠨ ᠲᠣᠭᠠᠨ ᠤ ᠠᠵᠢᠯ ᠤᠨ | ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠦᠷᠢᠵᠢᠭᠤᠯᠵᠠᠢ᠃ ᠪᠠᠶᠢᠭᠤᠯᠤᠮᠵᠢ ᠶᠢᠨ ᠥᠭᠡᠷᠡᠴᠢᠯᠡᠯᠲᠡ᠂ ᠪᠠᠶᠢᠭᠤᠯᠤᠯ ᠲᠣᠭᠲᠠᠴᠠ᠂ ᠣᠷᠣᠨ ᠲᠤᠭ᠎ᠠ ᠪᠣᠯᠤᠨ | ᠤᠳᠤᠷᠢᠳᠬᠤ ᠲᠤᠰᠢᠶᠠᠯ ᠤᠨ ᠲᠤᠭ᠎ᠠ ᠵᠡᠷᠭᠡ ᠶᠢᠨ ᠲᠤᠬᠠᠶ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠠᠶᠤᠯᠭᠦᠶ | ᠦᠢᠯᠡᠳᠪᠦᠷᠢᠯᠡᠯ ᠤᠨ ︽ᠤᠯᠠᠭᠠᠨ ᠱᠤᠭᠤᠮ ᠤᠨ ᠦᠵᠡᠯ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ᠦᠵᠡᠯ | ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠦᠷᠢᠵᠢᠭᠤᠯᠬᠤ᠂ ᠡᠳᠦᠷ ᠲᠤᠳᠤᠮ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠦᠷᠢᠵᠢᠭᠤᠯᠬᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠠᠷᠠᠯᠲᠠ ᠪᠠᠶᠢᠷᠢ | ᠲᠣᠭᠲᠠᠭᠠᠯᠲᠠ ᠶᠢ ᠲᠣᠳᠣᠷᠬᠠᠶᠢᠯᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠠᠷᠭ᠎ᠠ | ᠬᠡᠮᠵᠢᠶ᠎ᠡ ᠶᠢ ᠲᠣᠳᠣᠷᠬᠠᠶᠢᠯᠠᠨ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠳᠤᠲᠠᠭᠤᠳᠠᠯ ᠢ | ᠬᠦᠴᠦᠯᠡᠨ ᠨᠥᠬᠦᠪᠥᠷᠢᠯᠡᠵᠦ᠂ ︽ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠣᠷᠣᠨ︾ ᠢ ᠪᠦᠬᠦ | ᠬᠦᠴᠦᠨ ᠢᠶᠠᠷ ᠴᠣᠭᠴᠠᠯᠠᠨ᠎ᠠ᠃ | |