9 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠣᠷᠣᠯᠠᠭᠴᠢ ᠳᠠᠷᠤᠭ᠎ᠠ ᠯᠢᠦ ᠬᠤ᠋ ᠪᠠᠶᠠᠷ ᠤᠨ ᠡᠳᠦᠷ ᠠᠴᠠ ᠡᠮᠦᠨᠡᠬᠢ ᠠᠵᠤ ᠠᠬᠤᠶᠢᠯᠠᠯ ᠤᠨ ᠠᠶᠤᠯᠭᠦᠶ | ᠦᠶ᠋ᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ | ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠲᠢᠶᠠᠨ ᠶᠦᠩ ᠰᠢᠶᠠᠩ᠂ ᠯᠢᠦ | ᠨᠠᠷᠡᠨ᠂ ᠯᠢᠦ ᠮᠧᠩ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃ | | ᠭᠤᠸᠠᠩ ᠶᠤᠸᠠᠨ ᠵᠠᠬ᠎ᠠ ᠳᠡᠯᠭᠡᠭᠦᠷ ᠲᠤ᠂ ᠯᠢᠦ ᠬᠤ᠋ ᠡᠵᠡᠩᠨᠡᠯᠲᠡ ᠶᠢᠨ ᠭᠠᠵᠠᠷ ᠤᠨ ᠠᠷᠢᠭᠤᠨ ᠴᠡᠪᠡᠷ ᠤᠨ | ᠬᠠᠮᠢᠶᠠᠷᠤᠯᠲᠠ᠂ ᠮᠢᠬᠠᠨ ᠤ ᠲᠦᠷᠦᠯ ᠤᠨ ᠢᠳᠡᠭᠡᠨ ᠤ ᠦᠨ᠎ᠡ ᠶᠢᠨ ᠬᠤᠪᠢᠷᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ | ᠃ ᠲᠡᠷᠡ᠂ ᠤᠯᠤᠰ ᠤᠨ ᠪᠠᠶᠠᠷ ᠤᠨ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠ | ᠪᠣᠷᠣᠯᠠᠭᠤᠯᠬᠤ ᠬᠤᠶᠠᠷ ᠲᠠᠯ᠎ᠠ ᠪᠠᠷ ᠬᠥᠭᠵᠢᠶᠡᠨᠲᠡᠢ ᠪᠠᠶᠢᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠠᠭᠠᠨ ᠤ ᠢᠷᠡᠯᠳᠡ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ | ᠶᠠᠰᠤ ᠴᠢᠨᠠᠷ ᠤᠨ ᠠᠮᠤᠷ ᠲᠦᠪᠰᠢᠨ᠂ ᠪᠠᠷᠠᠭᠠᠨ ᠤ ᠦᠨ᠎ᠡ ᠶᠢᠨ ᠲᠣᠭᠲᠠᠭᠤᠨ᠂ ᠡᠯ᠎ᠡ ᠲᠦᠷᠦᠯ ᠤᠨ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠵᠤ᠂ ᠠᠷᠠᠳ | ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠥᠪᠥᠷ ᠮᠣᠩᠭᠤᠯ ᠤᠨ ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠵᠢᠶᠠ ᠷᠦᠢ ᠮᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠯᠢᠦ ᠬᠤ᠋ | ᠲᠦᠷᠦᠯ ᠵᠦᠢᠯ ᠤᠨ ᠦᠢᠯᠡᠳᠪᠦᠷᠢᠯᠡᠯ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ᠂ ᠡᠯ᠎ᠡ ᠠᠵᠤ | ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠠᠵᠢᠯ ᠤᠨ ᠭᠡᠮ ᠰᠣᠭᠤᠭ ᠪᠣᠯᠤᠨ ᠪᠠᠭᠤᠷᠠᠢ ᠭᠤᠭᠴᠤᠭ᠎ᠠ ᠶᠢ ᠭᠦᠨᠵᠡᠭᠡᠢ ᠪᠠᠶᠢᠴᠠᠭᠠᠨ ᠵᠠᠰᠠᠵᠤ᠂ ᠦᠢᠯᠡᠳᠪᠦᠷᠢᠯᠡᠯ ᠤᠨ | ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | ᠦᠬᠠᠢ ᠶᠢᠨ ᠪᠠᠷᠠᠭᠤᠨ ᠬᠡᠰᠡᠭ ᠤᠨ ᠭᠠᠯᠲᠤ ᠲᠡᠷᠭᠡᠨ ᠦᠷᠳᠡᠭᠡ ᠳᠤ᠂ ᠯᠢᠦ ᠬᠤ᠋ ᠠᠶᠠᠨᠴᠢᠳ ᠤᠨ ᠲᠤᠭ᠎ᠠ | ᠬᠡᠮᠵᠢᠶ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ ᠴᠢᠬᠤᠯᠠᠴᠢᠯᠠᠭᠰᠠᠨ ᠨᠢ᠂ ᠭᠠᠯᠲᠤ ᠲᠡᠷᠭᠡᠨ ᠤ ᠥᠷᠲᠡᠭᠡ ᠪᠣᠯ ︽ | ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠬᠥᠮᠦᠨ | ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ ᠢᠯᠠᠩᠭᠤᠶ᠎ᠠ ᠳᠤᠮᠳᠠ ᠲᠦᠭᠰᠢᠭᠦᠷᠢ ᠶᠡᠬᠡᠲᠡᠶ | ᠭᠠᠵᠠᠷ ᠣᠷᠣᠨ ᠠᠴᠠ ᠦᠬᠠᠢ ᠳᠤ ᠢᠷᠡᠭᠰᠡᠨ ᠬᠥᠮᠦᠰ ᠢ ᠳᠡᠭᠡᠳᠦ ᠬᠡᠮᠵᠢᠶ᠎ᠡ ᠪᠠᠷ ᠠᠩᠬᠠᠷᠴᠤ᠂ ᠡᠮᠦᠨ᠎ᠡ | ᠦᠵᠦᠭᠦᠷ ᠤᠨ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠡᠶ᠎ᠡ ᠶᠢᠨ | ᠳᠤᠯᠠᠭᠠᠨ ᠢ ᠪᠠᠶᠢᠴᠠᠭᠠᠨ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠪᠠᠶᠢᠴᠠᠭᠠᠨ | ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠳᠠᠭᠠᠳᠤ ᠠᠴᠠ | ᠣᠷᠣᠭᠤᠯᠬᠤ ᠶᠢ ᠰᠡᠷᠭᠡᠶᠢᠯᠡᠬᠦ︾ ᠠᠵᠢᠯ ᠢ ᠦᠨᠡᠨ ᠬᠦ ᠴᠢᠩᠭ᠎ᠠ ᠠᠳᠬᠤᠨ ᠪᠣᠳᠠᠲᠠᠶ ᠠᠳᠬᠤᠵᠤ᠂ ᠠᠷᠠᠳ ᠣᠯᠠᠨ ᠤ | ᠪᠠᠶᠠᠷ ᠵᠢᠷᠭᠠᠯ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ | |