ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠵᠤ᠂ ᠬᠤᠳᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/10/8
     9 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠣᠷᠣᠯᠠᠭᠴᠢ ᠳᠠᠷᠤᠭ᠎ᠠ ᠯᠢᠦ ᠬᠤ᠋ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠠ ᠲᠣᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ      ᠪᠦᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠬᠤᠲᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ︽ᠨᠢᠭᠡ ᠶᠢ ᠵᠢᠷᠤᠮᠯᠠᠬᠤ ᠶᠢ ᠪᠠᠷᠢᠮᠲᠠᠯᠠᠵᠤ᠂ ᠨᠢᠭᠡ ᠭᠤᠤᠯ ᠰᠢᠵᠢᠮ ᠢ ᠲᠤᠤᠱᠯᠠᠭᠤᠯᠤᠨ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︽ᠭᠤᠷᠪᠠᠨ ᠥᠨᠳᠥᠷ︾ ᠤ ᠬᠠᠷᠠᠯᠲᠠ︾ ᠶᠢᠨ ᠬᠥᠭᠵᠢᠯᠲᠡ ᠶᠢᠨ ᠰᠡᠳᠬᠢᠴᠡ ᠪᠠ ︽ᠲᠠᠪᠤᠨ ᠰᠢᠨ᠎ᠡ︾ ᠶᠢᠨ ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠳᠠ ᠲᠤᠭᠤᠷᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠳᠤ ᠴᠥᠬᠦᠷᠡᠰᠢ ᠥᠬᠡᠶ ᠴᠢᠷᠮᠠᠶᠢᠯᠭ᠎ᠠ ᠭᠠᠷᠭᠠᠨ᠎ᠠ᠃ ᠬᠤᠷᠠᠯ ᠠᠴᠠ ᠴᠢᠬᠤᠯᠠᠴᠢᠯᠠᠭᠰᠠᠨ ᠨᠢ    ᠨᠢᠭᠡ ᠳᠤ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠤᠱᠯᠠᠭᠤᠯᠤᠨ ᠰᠤᠷᠤᠯᠴᠠᠬᠤ ᠶᠢ ᠰᠠᠶᠢᠲᠤᠷ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠭᠦᠨᠵᠡᠭᠡᠢ ᠣᠶᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠃ ᠬᠤᠶᠠᠷ ᠲᠤ᠂ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠳ ᠬᠤᠪᠢᠳᠠᠨ ᠬᠠᠮᠢᠶᠠᠷᠴᠤ ᠪᠠᠶᠢᠭ᠎ᠠ  ᠬᠦᠷᠢᠶ᠎ᠡ ᠬᠡᠪᠴᠢᠶ᠎ᠡ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠠᠢ ᠪᠠᠨ ᠤᠶᠠᠯᠳᠤᠭᠤᠯᠤᠨ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠᠲᠤ ᠡᠭᠦᠷᠭᠡ ᠲᠠᠢ ᠬᠠᠷᠢᠴᠠᠭᠤᠯᠵᠤ᠂ ᠣᠨ ᠬᠤᠪᠢᠶᠠᠨ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠂ ᠲᠦᠷᠦᠯ ᠵᠦᠢᠯ ᠤᠨ ᠨᠠᠷᠢᠨ ᠳᠠᠩᠰᠠ ᠶᠢ ᠵᠢᠭᠰᠠᠭᠠᠵᠤ᠂ ᠣᠨ ᠢᠶᠠᠷ ᠠᠬᠢᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠳᠠ ᠲᠣᠭᠤᠷᠢᠭ ᠲᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠬᠤᠳᠠ ᠶᠢᠨ ᠨᠠᠢᠮᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤᠬᠠᠭᠤᠯᠭ᠎ᠠ ᠶᠢᠨ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ ᠰᠣᠶᠣᠯ ᠤᠨ ᠵᠢᠭᠰᠠᠭᠠᠯ ᠤᠨ ᠭᠠᠵᠠᠷ ᠢᠶᠠᠨ ᠭᠦᠢᠴᠡᠳ ᠠᠰᠢᠭᠯᠠᠵᠤ᠂ ᠤᠯᠠᠨ ᠲᠦᠮᠡᠨ ᠤ ᠦᠭᠡ ᠬᠡᠯᠡ ᠶᠢ ᠰᠠᠶᠢᠲᠤᠷ ᠬᠡᠷᠡᠭᠯᠡᠵᠦ᠂ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠯᠠᠨ ᠲᠦᠮᠡᠨ ᠤ ᠳᠤᠷᠠᠲᠠᠢ᠂ ᠰᠣᠨᠣᠰᠬᠤ ᠳᠤᠷᠠᠲᠠᠢ ᠦᠭᠡ ᠬᠡᠯᠡ ᠪᠠᠷ ᠬᠤᠳᠠ ᠶᠢᠨ ᠨᠠᠢᠮᠠᠳᠤᠭᠠᠷ  ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠠᠵᠢᠯ ᠢ ᠰᠠᠶᠢᠲᠤᠷ ᠥᠷᠨᠢᠭᠦᠯᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号