︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠬᠤᠷᠤᠭᠤᠨ ᠦᠵᠦᠭᠦᠷ ᠤᠨ ᠦᠢᠯᠡᠴᠢᠯᠡᠭᠡ ︽  ᠮᠥᠩᠬᠡ ᠰᠤᠪᠠᠭ︾
ᠨᠡᠶᠢᠲᠡᠯᠡᠭᠰᠡᠨ ᠴᠠᠭ᠄
2021/10/9
     ︽ᠮᠥᠩᠬᠡ ᠰᠤᠪᠠᠭ︾ ᠤᠨ APP ᠶᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠤ ᠬᠤ᠋ ᠱᠠᠨ ᠵᠡᠭᠡᠯᠢ ᠭᠤᠳᠤᠮᠵᠢ ᠶᠢᠨ ᠲᠢᠶᠧ ᠰᠢ ᠨᠡᠶᠢᠭᠡᠮ ᠲᠣᠭᠤᠷᠢᠭ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠮᠥᠩᠬᠡ ᠰᠤᠪᠠᠭ APP ᠶᠢ ᠪᠠᠭᠤᠯᠭᠠᠨ ᠠᠪᠴᠤ ᠬᠡᠷᠡᠭᠯᠡᠬᠦ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠷᠭᠡᠨ ᠢᠶᠠᠷ ᠤᠬᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠳᠡᠯᠭᠡᠷᠡᠭᠦᠯᠦᠨ᠂ ︽ᠮᠥᠩᠬᠡ ᠰᠤᠪᠠᠭ︾ ᠤᠨ APP ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠥᠷᠭᠡᠳᠬᠡᠵᠦ᠂ ᠠᠯᠠᠭᠠᠨ ᠳᠡᠭᠡᠷᠡᠬᠢ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ︽ᠰᠦᠯᠵᠢᠶᠡᠨ ᠳᠡᠭᠡᠷ᠎ᠡ ᠭᠦᠢᠴᠡᠳᠭᠡᠬᠦ︾ ︽ᠭᠠᠷ ᠤᠲᠠᠰᠤ ᠪᠠᠷ ᠭᠦᠢᠴᠡᠳᠭᠡᠬᠦ︾ ︽ᠬᠤᠷᠤᠭᠤᠨ ᠦᠵᠦᠭᠦᠷ ᠭᠦᠢᠴᠡᠳᠭᠡᠬᠦ︾ ᠳᠤ ᠰᠠᠭᠤᠷᠢ ᠲᠠᠯᠪᠢᠪᠠ᠃ ᠲᠣᠰ ᠤᠳᠠᠭᠠᠨ ᠤ ᠠᠵᠢᠯᠯᠠᠭ᠎ᠠ ᠶᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠂ ᠨᠢᠭᠡ ᠳᠤ ︽ᠮᠥᠩᠬᠡ ᠰᠤᠪᠠᠭ︾ ᠢ ᠰᠦᠯᠵᠢᠶᠡᠨ ᠳᠡᠭᠡᠷ᠎ᠡ ᠳᠡᠯᠭᠡᠷᠡᠭᠦᠯᠬᠦ ᠠᠷᠭ᠎ᠠ ᠵᠠᠮ ᠢ ᠴᠢᠩᠭᠠᠷᠠᠭᠤᠯᠤᠨ᠎ᠠ᠃ ᠸᠢᠴᠠᠲ ᠤᠨ ᠪᠦᠯᠦᠭ᠂ ᠨᠠᠶᠢᠵᠠ ᠶᠢᠨ ᠲᠣᠭᠤᠷᠢᠭ᠂  ᠸᠢᠳᠢᠤ᠋ ᠵᠡᠷᠭᠡ ᠶᠢ ᠠᠰᠢᠭᠯᠠᠨ ᠰᠦᠯᠵᠢᠶᠡᠨ ᠳᠡᠭᠡᠷ᠎ᠡ ᠤᠬᠠᠭᠤᠯᠤᠨ ᠳᠡᠯᠭᠡᠷᠡᠭᠦᠯᠵᠦ᠂ ᠸᠢᠳᠢᠤ᠋ ᠪᠠᠷ ᠲᠠᠶᠢᠯᠪᠤᠷᠢᠯᠠᠬᠤ᠂ ᠠᠵᠢᠯᠯᠠᠭᠤᠯᠤᠨ ᠳᠡᠯᠭᠡᠨ ᠦᠵᠡᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ᠂ ︽ᠮᠥᠩᠬᠡ ᠰᠤᠪᠠᠭ︾ ᠢ ᠪᠠᠭᠤᠯᠭᠠᠬᠤ᠂ ᠳᠠᠩᠰᠠᠯᠠᠬᠤ᠂ ᠦᠨᠡᠨ ᠨᠡᠷ᠎ᠡ ᠪᠠᠷ ᠭᠡᠷᠡᠴᠢᠯᠡᠬᠦ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠵᠡᠷᠭᠡ ᠠᠭᠤᠯᠭ᠎ᠠ ᠶᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠠᠵᠢᠯ ᠶᠠᠪᠤᠳᠠᠯ  ᠭᠦᠢᠴᠡᠳᠭᠡᠬᠦ ᠳᠤ ᠡᠩ ᠲᠡᠷᠢᠭᠦᠨ ᠳᠤ ︽ᠮᠥᠩᠬᠡ ᠰᠤᠪᠠᠭ︾ ᠢ ᠰᠣᠩᠭᠤᠬᠤ ᠦᠵᠡᠯ ᠤᠬᠠᠮᠰᠠᠷ ᠢ ᠪᠣᠶ ᠪᠣᠯᠭᠠᠨ᠎ᠠ᠃ ᠬᠤᠶᠠᠷ ᠲᠤ ︽ᠮᠥᠩᠬᠡ ᠰᠤᠪᠠᠭ︾ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠶᠢ ᠠᠬᠢᠭᠤᠯᠤᠨ᠎ᠠ᠃ ᠰᠦᠯᠵᠢᠶᠡᠨ ᠤ ᠠᠵᠢᠯᠲᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠷᠦᠬᠡ ᠳᠤ ᠣᠷᠣᠵᠤ ᠣᠯᠠᠨ ᠲᠦᠮᠡᠨ ᠤ ᠠᠰᠠᠭᠤᠨ ᠯᠠᠪᠯᠠᠭᠰᠠᠨ ᠢ ᠬᠠᠷᠢᠭᠤᠯᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ︽ᠮᠥᠩᠬᠡ ᠰᠤᠪᠠᠭ︾  ᠴᠢᠳᠠᠮᠵᠢ ᠶᠢ ᠲᠠᠨᠢᠯᠴᠠᠭᠤᠯᠪᠠ᠃ ᠰᠠᠭᠤᠭᠠᠯᠢ ᠠᠷᠠᠳ ᠢ ᠬᠠᠪᠰᠤᠷᠤᠨ ︽ᠮᠥᠩᠬᠡ ᠰᠤᠪᠠᠭ︾ APP ᠪᠠᠭᠤᠯᠭᠠᠵᠤ ᠠᠪᠬᠤ ᠶᠢ ᠢᠳᠡᠪᠬᠢᠲᠡᠶ ᠬᠥᠲᠥᠯᠦᠨ ᠵᠢᠯᠣᠭᠤᠳᠬᠤ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠺᠠᠷᠲ᠂ ᠵᠢᠯᠣᠭᠤᠴᠢ ᠶᠢᠨ ᠦᠨᠡᠮᠯᠡᠯ᠂ ᠡᠮᠴᠢᠯᠡᠭᠡᠨ ᠤ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠳᠥᠭᠦᠮ ᠳᠥᠲᠡ ᠴᠢᠳᠠᠮᠵᠢ ᠶᠢ ᠪᠠᠶᠢᠴᠠᠭᠠᠨ ᠯᠠᠪᠯᠠᠬᠤ ᠶᠢ ᠦᠵᠡᠭᠦᠯᠵᠦ᠂ ᠤᠬᠠᠭᠤᠯᠤᠨ ᠳᠡᠯᠭᠡᠷᠡᠭᠦᠯᠬᠦ ᠠᠬᠢᠴᠠ ᠶᠢᠨ ᠪᠣᠳᠠᠲᠤ ᠦᠷ᠎ᠡ ᠪᠦᠲᠦᠮᠵᠢ ᠶᠢ ᠲᠦᠷᠭᠡᠳᠬᠡᠨ᠎ᠡ᠃ ᠠᠵᠢᠯᠯᠠᠭ᠎ᠠ ᠶᠢᠨ ᠳᠤᠮᠳᠠ᠂ ᠰᠠᠭᠤᠭᠠᠯᠢ ᠠᠷᠠᠳ ᠴᠤ ᠲᠦᠢᠯ ᠤᠨ ᠶᠡᠭᠡ ᠬᠠᠯᠠᠭᠤᠨ ᠰᠡᠳᠬᠢᠯᠭᠡ ᠲᠠᠢ ᠪᠠᠶᠢᠵᠤ᠂ ᠵᠠᠯᠭᠠᠭ᠎ᠠ ᠵᠠᠯᠭᠠᠭ᠎ᠠ ᠪᠠᠷ ᠢᠳᠡᠪᠬᠢᠲᠡᠶ ᠪᠠᠷ ᠪᠠᠭᠤᠯᠭᠠᠨ ᠠᠪᠴᠤ ᠪᠠᠶᠢᠯ᠎ᠠ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠥᠷᠭᠡᠨ ᠣᠯᠠᠨ ᠨᠡᠶᠢᠭᠡᠮ ᠲᠣᠭᠤᠷᠢᠭ ᠤᠨ ᠣᠯᠠᠨ ᠲᠦᠮᠡᠨ ︽ᠮᠥᠩᠬᠡ ᠰᠤᠪᠠᠭ︾ APP ᠶᠢᠨ ᠲᠤᠬᠠᠶ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠣ᠂ ᠦᠷᠭᠦᠯᠵᠢᠯᠡᠨ ᠳᠡᠯᠭᠡᠷᠡᠭᠦᠯᠦᠨ ᠬᠡᠷᠡᠭᠯᠡᠬᠦ ᠠᠵᠢᠯ ᠳᠤ ᠰᠠᠶᠢᠨ ᠰᠠᠭᠤᠷᠢ ᠲᠠᠯᠪᠢᠵᠤ᠂ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠤᠬᠠᠶᠢᠯᠠᠭᠰᠠᠨ ᠠᠵᠢᠯ ᠢ  ᠭᠦᠢᠴᠡᠳᠭᠡᠬᠦ ᠳᠤ ᠨᠠᠩ ᠲᠥᠬᠦᠮ ᠦᠵᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠢᠶᠧ ᠰᠢ ᠨᠡᠶᠢᠭᠡᠮ ᠲᠣᠭᠤᠷᠢᠭ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠳᠡᠭᠡᠷ᠎ᠡ ᠦᠷᠭᠦᠯᠵᠢᠯᠡᠨ ᠬᠦᠴᠦᠯᠡᠵᠦ᠂ ︽ᠮᠥᠩᠬᠡ ᠰᠤᠪᠠᠭ︾ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ ᠲᠦᠭᠵᠢᠷᠡᠯ᠂ ᠬᠦᠴᠢᠷ ᠠᠰᠠᠭᠤᠳᠠᠯ ᠂ ᠡᠪᠡᠷᠰᠢᠶᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠣᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号