11 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ | ᠤᠳᠠ ᠶᠢᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 14 ᠳ᠋ᠦ᠋ᠭᠡᠷ | ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 11 ᠳ᠋ᠦ᠋ᠭᠡᠷ ᠤᠳᠠᠭᠠᠨ ᠤ ᠬᠤᠷᠠᠯ᠂ ᠲᠤᠭᠤᠷᠢᠭ ᠤᠨ ᠨᠠᠮ ᠤᠨ | ᠬᠤᠷᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ | ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠪᠠ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ 1 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠰᠢ ᠶᠢᠨ ᠫᠢᠩ | ᠶᠡᠷᠦᠩᠬᠡᠶ ᠱᠦᠵᠢ ᠶᠢᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠣᠶ ᠶᠢ ᠳᠤᠷᠠᠰᠬᠠᠬᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ | ᠣᠶᠤᠨ ᠰᠠᠨᠠᠭᠠᠨ ᠤ ᠺᠠᠯᠼ ᠢᠶᠠᠨ ᠨᠥᠬᠦᠪᠥᠷᠢᠯᠡᠬᠦ︾ ᠴᠢᠬᠤᠯᠠ ᠵᠣᠬᠢᠶᠠᠯ ᠢ ᠭᠦᠨᠵᠡᠭᠡᠶ ᠰᠤᠷᠤᠯᠴᠠᠵᠤ᠂ ︽ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ | ︽ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ | ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ | ᠤᠯᠠᠮᠵᠢᠯᠠᠨ ᠰᠤᠷᠤᠯᠴᠠᠪᠠ᠃ ᠲᠥᠪ ᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠯᠪᠣᠭᠳᠠᠯ ᠪᠥᠬᠦᠶ ᠬᠤᠷᠠᠯ ᠤᠨ | ᠵᠣᠷᠢᠭ ᠰᠠᠨᠠᠭ᠎ᠠ᠂ ᠪᠥᠬᠦ ᠤᠯᠤᠰ᠂ ᠪᠥᠬᠦ ᠲᠤᠭᠤᠷᠢᠭ ᠤᠨ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠳᠤ ᠮᠠᠨ ᠤ ᠲᠤᠭᠤᠷᠢᠭ ᠤᠨ ᠦᠵᠡᠯ | ᠤᠬᠠᠮᠰᠠᠷ ᠤᠨ ᠬᠡᠯᠪᠡᠷᠢ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠲᠤᠰᠬᠠᠶ ᠵᠦᠢᠯ ᠢᠶᠠᠷ | ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ | ᠶᠡᠷᠦᠩᠬᠡᠢ ᠱᠦᠵᠢ ᠰᠢ ᠶᠢᠨ ᠫᠢᠩ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ | ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠬᠠᠤᠯᠢ ᠶᠣᠰᠣᠨ ᠤ ᠣᠷᠣᠨ ᠪᠠᠶᠢᠷᠢ ᠶᠢ ᠰᠡᠷᠭᠦᠭᠡᠭᠰᠡᠨ 50 ᠵᠢᠯ ᠤᠨ | ᠤᠢ ᠶᠢ ᠳᠤᠷᠠᠰᠬᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ ᠵᠣᠷᠢᠯᠲᠠ᠂ ᠳᠤᠮᠳᠠᠳᠤ | ᠤᠯᠤᠰ ᠤᠨ ᠰᠠᠨᠠᠭᠠᠴᠢᠯᠠᠭ᠎ᠠ ᠶᠢ ᠳᠤᠷᠠᠳᠤᠭᠰᠠᠨ ᠪᠠᠶᠢᠨ᠎ᠠ᠃ ︽ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ | ᠤᠶᠤᠨ ᠰᠠᠨᠠᠭᠠᠨ ᠤ ᠺᠠᠯᠼ ᠢ ᠨᠥᠬᠦᠪᠥᠷᠢᠯᠡᠶ᠎ᠡ︾ ᠭᠡᠬᠦ ᠴᠢᠬᠤᠯᠠ ᠵᠣᠬᠢᠶᠠᠯ ᠳᠤ ᠬᠦᠰᠡᠯᠡᠩ ᠢᠲᠡᠭᠡᠯ ᠪᠢᠰᠢᠷᠡᠯ ᠢᠶᠠᠨ | ᠴᠢᠩᠭᠠᠳᠬᠠᠬᠤ᠂ ᠤᠶᠤᠨ ᠰᠠᠨᠠᠭᠠᠨ ᠤ ᠺᠠᠯᠼ ᠢ ᠨᠥᠬᠦᠪᠥᠷᠢᠯᠡᠬᠦ ᠦᠢᠯᠡᠳᠦᠯᠭᠡ ᠶᠢᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠪᠦᠬᠦ ᠲᠤᠭᠤᠷᠢᠭ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ | ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠤᠬᠠᠮᠰᠠᠷ ᠢᠶᠠᠨ | ᠴᠢᠩᠭᠠᠳᠬᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠬᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠪᠣᠳᠠᠲᠤ ᠦᠷ᠎ᠡ ᠪᠦᠲᠦᠮᠵᠢ ᠳᠡᠭᠡᠷ᠎ᠡ | ᠢᠯᠡᠷᠡᠭᠦᠯᠬᠦ ᠬᠡᠷᠡᠭᠲᠡᠢ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠤᠬᠠᠢ | ᠰᠠᠨᠠᠯ︾ ᠨᠢ ᠮᠠᠨ ᠤ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠪᠠ ᠪᠣᠳᠠᠲᠤ ᠠᠴᠢ ᠬᠤᠯᠪᠣᠭᠳᠠᠯ ᠲᠠᠢ ᠶᠤᠮ᠃ ᠪᠦᠬᠦ | ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠤᠯᠴᠠᠨ ᠣᠶᠢᠯᠠᠭᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ︽ | ᠳᠤᠯᠤᠭ᠎ᠠ ᠶᠢ ᠵᠠᠰᠠᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠪᠣᠯᠤᠨ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠠᠷᠢᠭᠤ ᠰᠤᠷᠪᠤᠯᠵᠢᠯᠠᠭᠰᠠᠨ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠲᠤᠷ ᠠᠳᠬᠤᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ | ᠠᠳᠬᠤᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠳᠤᠯᠵᠤ᠂ ᠨᠢᠭᠡ ᠪᠦᠯᠦᠭ | ᠭᠤᠤᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠮᠠᠨ ᠤ ᠲᠤᠭᠤᠷᠢᠭ ᠤᠨ ᠠᠮᠢ | ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠬᠦᠴᠦᠨ ᠴᠢᠳᠠᠯ ᠢᠶᠠᠨ ᠠᠰᠢᠭᠯᠠᠨ ᠰᠠᠶᠢᠲᠤᠷ | ᠰᠢᠢᠳᠪᠦᠷᠢᠯᠡᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠥᠨᠳᠥᠷ | ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠬᠦ ᠬᠡᠷᠡᠭᠲᠡᠢ᠃ | ︽ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ | ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠨᠢ ᠪᠢᠳᠡᠨ ᠤ | ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ | ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠪᠠ ︽ᠰᠠᠨᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠵᠣᠷᠢᠭ | ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ | ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠳᠤᠷᠢᠳᠬᠤ | ᠨᠠᠮ ᠤᠨ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶᠠᠨ ᠤ | ᠴᠢᠬᠤᠯᠠ ᠶᠡᠭᠡ ᠠᠷᠠᠳ ᠤᠯᠠᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ | ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠶᠢ | ᠰᠠᠶᠢᠲᠤᠷ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠳᠤᠰᠬᠠᠯ ᠲᠠᠢ | ᠪᠠᠶᠢᠬᠤ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ | ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠤᠯᠠᠨ ᠳᠤ ᠨᠡᠩ ᠰᠠᠶᠢᠨ ᠬᠦᠷᠲᠡᠭᠡᠨ᠎ᠡ᠃ | ᠬᠤᠷᠠᠯ ᠠᠴᠠ ᠴᠢᠬᠤᠯᠠᠴᠢᠯᠠᠭᠰᠠᠨ ᠨᠢ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠲᠤᠭ ᠳᠡᠮᠳᠡᠭ ᠲᠠᠢ ᠬᠤᠯᠪᠣᠭᠳᠠᠵᠤ᠂ ᠵᠠᠮ ᠱᠤᠭᠤᠮ ᠲᠠᠢ | ᠬᠤᠯᠪᠣᠭᠳᠠᠵᠤ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ ᠪᠣᠯᠬᠤᠷ | ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠃ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ | ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠤᠤᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ | ᠵᠥᠪ ᠲᠠᠯ᠎ᠠ ᠶᠢᠨ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠪᠠᠨ ᠴᠢᠩᠭᠠᠳᠬᠠᠵᠤ᠂ ᠭᠤᠣᠯ | ᠬᠦᠭ ᠠᠶᠠᠰ ᠢ ᠨᠡᠩ ᠥᠨᠳᠥᠷ ᠪᠤᠯᠵᠥ᠂ ᠢᠳᠡᠪᠬᠢ ᠬᠦᠴᠦᠨ ᠢ ᠨᠡᠩ ᠭᠦᠢᠴᠡᠳ ᠪᠣᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠰᠢᠬᠦ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠶ ᠪᠠ ᠠᠰᠠᠭᠤᠳᠠᠯ ᠤᠨ ᠤᠳᠤᠷᠢᠳᠤᠮᠵᠢ ᠶᠢ | ᠴᠢᠩᠭᠠᠳᠬᠠᠵᠤ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠠ ᠢᠯᠭᠠᠨ ᠲᠠᠨᠢᠬᠤ ᠴᠢᠳᠠᠪᠤᠷᠢ ᠪᠠᠨ | ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠭᠤᠴᠠᠭ᠎ᠠ ᠰᠣᠯᠢᠬᠤ ᠰᠣᠩᠭᠤᠭᠤᠯᠢ ᠪᠠ | ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠭᠤᠤᠯ ᠠᠵᠢᠯ ᠪᠠ ᠬᠠᠷᠠᠯᠲᠠᠲᠤ ᠡᠭᠦᠷᠭᠡ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠶᠢᠨ ᠲᠣᠭᠤᠷᠢᠨ ᠳᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠰᠢᠨ᠎ᠡ | ᠬᠤᠪᠢᠷᠠᠯᠲᠠ ᠰᠢᠨ᠎ᠡ ᠪᠠᠶᠢᠳᠠᠯ ᠢ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠪᠥᠬᠦ ᠲᠤᠭᠤᠷᠢᠭ ᠤᠨ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠣᠭᠲᠠᠭᠤᠨ ᠪᠥᠭᠡᠳ ᠡᠵᠡᠮᠳᠡᠵᠦ ᠪᠣᠯᠬᠤ᠂ ᠰᠦᠯᠵᠢᠶᠡᠨ ᠤ ᠣᠷᠣᠨ | ᠵᠠᠶ ᠶᠢᠨ ᠠᠮᠤᠷ ᠲᠦᠪᠰᠢᠨ ᠪᠥᠭᠡᠳ ᠴᠡᠪᠡᠷ ᠰᠠᠷᠠᠭᠤᠯ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠵᠠᠯᠭᠠᠭ᠎ᠠ ᠪᠠᠷ | ᠬᠤᠷᠠᠯᠳᠤᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠶᠢᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠪᠢᠳᠡᠨ ᠤ ᠰᠢᠨ᠎ᠡ ᠬᠥᠭᠵᠢᠯᠲᠡ ᠶᠢᠨ | ᠱᠠᠲᠤᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠬᠦ ᠳᠤ ᠰᠢᠰᠲ᠋ᠧᠮ ᠲᠠᠢ ᠰᠡᠳᠬᠢᠴᠡ ᠪᠠ | ᠪᠦᠲᠦᠮᠵᠢᠲᠡᠶ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ | ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ | ᠴᠢᠩᠭᠠᠳᠬᠠᠵᠤ᠂ ᠮᠠᠨ ᠤ ᠲᠤᠭᠤᠷᠢᠭ ᠤᠨ ᠪᠣᠳᠠᠲᠠᠶ ᠳᠤ ᠨᠡᠶᠢᠴᠡᠬᠦ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ | ᠨᠡᠶᠢᠲᠡᠯᠡᠵᠦ᠂ ᠥᠭᠡᠷᠡᠴᠢᠯᠡᠯᠲᠡ ᠶᠢᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠬᠢᠨᠠᠮᠠᠭᠠᠶ | ᠰᠤᠳᠤᠯᠤᠨ᠂ ᠪᠥᠬᠦ ᠵᠢᠯ ᠤᠨ ᠡᠭᠦᠷᠭᠡ ᠶᠢᠨ ᠡᠬᠡ ᠲᠠᠩᠰᠠ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ | ᠥᠭᠡᠷᠡᠴᠢᠯᠡᠯᠲᠡ ᠶᠢᠨ ᠡᠭᠦᠷᠭᠡ ᠨᠢᠭᠡᠪᠦᠷᠢ ᠶᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ | ᠲᠠᠯ᠎ᠠ ᠠᠴᠠ ᠭᠦᠢᠴᠡᠳᠭᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠠᠵᠢᠯ ᠤᠨ | ᠠᠶᠢᠵᠠᠮ ᠢ ᠲᠦᠷᠭᠡᠳᠬᠡᠵᠦ᠂ ᠡᠯ᠎ᠡ ᠵᠦᠢᠯ ᠤᠨ ᠣᠨ ᠤ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ | ᠣᠳᠣᠬᠠᠨ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ᠂ | ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ᠂ ᠬᠠᠩᠭᠠᠨ | ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠢᠯᠵᠠᠷᠠᠯ ᠤᠨ ᠠᠰᠠᠭᠤᠳᠠᠯ᠂ ᠣᠯᠠᠨ ᠨᠡᠶᠢᠲᠡ ᠶᠢᠨ ᠰᠦᠢᠳᠬᠡᠯ | ᠬᠤᠷᠢᠶᠠᠬᠤ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠵᠡᠷᠭᠡ ᠲᠤᠰᠬᠠᠶ ᠵᠦᠢᠯ ᠢᠶᠠᠷ ᠴᠡᠭᠴᠡᠯᠡᠨ ᠵᠠᠰᠠᠵᠤ | ᠴᠡᠭᠴᠡᠯᠡᠨ ᠵᠠᠰᠠᠬᠤ ᠠᠵᠢᠯ ᠨᠢᠭᠡᠨᠲᠡ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ ᠣᠷᠣᠭᠠᠳ ᠪᠠᠶᠢᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ | ᠡᠴᠦᠰ ᠲᠤᠨᠢ ᠲᠤᠯᠲᠠᠯ᠎ᠠ ᠠᠳᠬᠤᠬᠤ ᠡᠷᠡᠰ ᠵᠣᠷᠢᠭ ᠪᠠ ᠡᠷᠴᠢ ᠵᠣᠷᠢᠭ ᠢᠶᠠᠨ ᠪᠠᠷᠢᠮᠲᠠᠯᠠᠵᠤ᠂ ᠠᠰᠠᠭᠤᠳᠠᠯ ᠢ | ᠲᠤᠤᠱᠲᠠᠢ ᠰᠢᠢᠳᠪᠦᠷᠢᠯᠡᠬᠦ ᠦᠭᠡᠢ ᠪᠣᠯ ᠰᠤᠯᠠᠷᠠᠭᠤᠯᠬᠤ ᠦᠭᠡᠢ ᠪᠠᠶᠢᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ | ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠠᠭ ᠤᠨ ᠬᠢᠵᠠᠭᠠᠷ ᠤᠨ | ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠤᠢ ᠪᠣᠯᠭᠠᠬᠤ ᠪᠣᠯ | ᠬᠤᠭᠤᠴᠠᠭ᠎ᠠ ᠰᠣᠯᠢᠬᠤ ᠠᠵᠢᠯ ᠢ ᠲᠣᠭᠲᠠᠭᠤᠨ ᠪᠥᠭᠡᠳ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠭᠤᠯᠬᠤ ᠶᠢᠨ | ᠴᠢᠬᠤᠯᠠ ᠪᠠᠲᠤᠯᠠᠭ᠎ᠠ ᠮᠥᠨ᠂ ᠬᠤᠭᠤᠴᠠᠭ᠎ᠠ ᠰᠣᠯᠢᠬᠤ ᠠᠵᠢᠯ ᠤᠨ ᠪᠦᠲᠦᠵᠦ ᠪᠦᠷᠢᠯᠬᠦ ᠲᠠᠢ ᠰᠢᠭᠤᠳ | ᠬᠤᠯᠪᠣᠭᠳᠠᠵᠤ᠂ ᠤᠯᠤᠰ ᠲᠦᠷᠦ ᠶᠢᠨ ᠠᠮᠢ ᠠᠬᠤᠢ ᠲᠠᠢ ᠬᠤᠯᠪᠣᠭᠳᠠᠨ᠎ᠠ᠃ ᠨᠠᠮ ᠤᠨ ᠬᠤᠭᠤᠴᠠᠭ᠎ᠠ ᠰᠣᠯᠢᠬᠤ | ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠬᠡᠪ | ᠰᠤᠷᠲᠠᠯ ᠳᠤ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠵᠢᠯᠳᠠᠨ ᠤ | ᠪᠣᠭᠤᠮᠲᠠ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠪᠠ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ | ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ | ᠬᠤᠭᠤᠴᠠᠭ᠎ᠠ ᠰᠣᠯᠢᠬᠤ ᠶᠠᠪᠤᠴᠠ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠳᠤ ︽ | ᠥᠴᠦᠬᠡᠨ ᠴᠦ ᠢᠯᠳᠠᠷ ᠬᠠᠶᠠᠬᠤ ᠦᠭᠡᠢ︾ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠰᠤᠷᠲᠠᠯ ᠴᠢᠬᠡᠴᠢ | ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠪᠠᠰᠠ ᠪᠦᠬᠦ ᠤᠯᠤᠰ ᠤᠨ ᠭᠤᠷᠪᠠᠳᠤᠭᠠᠷ ᠤᠳᠠᠭ᠎ᠠ ᠶᠢᠨ ᠬᠤᠳᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠤᠨ ᠰᠣᠯᠢᠯᠴᠠᠭᠠᠨ ᠤ ᠬᠤᠷᠠᠯ ᠤᠨ | ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ | ᠬᠤᠳᠠ ᠶᠢᠨ ᠨᠠᠮ ᠤᠨ ᠬᠤᠷᠢᠶᠠᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ | ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶᠠᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ | ᠬᠤᠶᠠᠳᠤᠭᠠᠷ ᠤᠳᠠᠭᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠮᠠᠨ ᠤ ᠲᠤᠭᠤᠷᠢᠭ ᠤᠨ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠠᠵᠢᠯ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠠᠵᠢᠯ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ᠂ ᠬᠡᠯᠪᠡᠷᠢᠴᠢ ᠦᠵᠡᠯ ᠨᠣᠶᠠᠨᠴᠢ | ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠬᠤ ᠠᠰᠠᠭᠤᠳᠠᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠨᠠᠮ ᠤᠨ ᠠᠵᠢᠯ ᠢ ᠢᠯᠡ ᠪᠣᠯᠭᠠᠬᠤ᠂ ᠲᠤᠭᠤᠷᠢᠭ ᠤᠨ ᠨᠠᠮ ᠤᠨ ᠬᠤᠷᠢᠶᠠᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠵᠥᠪᠯᠡᠯ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ | ᠤᠳᠠ ᠲᠣᠭᠤᠷᠢᠭ ᠤᠨ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠬᠤ ᠠᠵᠢᠯ ᠤᠨ ᠲᠥᠰᠦᠯ ︵ᠬᠦᠷᠭᠡᠨ | ᠬᠢᠨᠠᠭᠤᠯᠬᠤ ᠨᠣᠤᠷᠠᠭ︶︾ ᠢ ᠰᠤᠳᠤᠯᠪᠠ᠃ |