11 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠭᠤᠷᠢᠭ ᠤᠨ ᠣᠷᠣᠯᠠᠭᠴᠢ ᠳᠠᠷᠤᠭ᠎ᠠ | ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠠᠷᠪᠠᠨ ᠲᠠᠪᠤᠳᠤᠭᠠᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠪᠦᠬᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠬᠠᠤᠯᠢ ᠶᠣᠰᠣᠨ ᠤ ᠣᠷᠣᠨ ᠪᠠᠶᠢᠷᠢ ᠶᠢ | ᠰᠡᠷᠭᠦᠭᠡᠭᠰᠡᠨ 50 ᠵᠢᠯ ᠤᠨ ᠤᠢ ᠶᠢ ᠳᠤᠷᠠᠰᠬᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠣᠬᠢᠶᠠᠯ ︽ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠤᠶᠤᠨ ᠰᠠᠨᠠᠭᠠᠨ ᠤ | ᠺᠠᠯᠼ ᠨᠦᠬᠦᠪᠦᠷᠢᠯᠡᠬᠦ︾᠂ ︽︿ᠠᠮᠤ ᠪᠤᠳᠠᠭ᠎ᠠ ᠠᠷᠪᠢᠯᠠᠬᠤ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ | ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽2030 ᠣᠨ ᠤ | ᠨᠡᠭᠦᠷᠡᠰᠦᠳᠦ᠋ᠷᠦᠭᠴᠢ ᠶᠢ ᠣᠷᠭᠢᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ | ᠨᠠᠮ ᠤᠨ ᠲᠥᠪ ᠬᠤᠷᠢᠶ᠎ᠡ ᠠᠴᠠ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ | ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠲᠡᠦᠬᠡᠲᠦ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠴᠢᠬᠤᠯᠠ | ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠶ | ᠭᠡᠷᠡᠯ ᠰᠠᠴᠤᠷᠠᠩᠭᠤᠶ ᠲᠤᠯᠭᠤᠷ ᠪᠢᠴᠢᠭ ᠮᠥᠨ᠃ ᠲᠤᠭᠤᠷᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠷᠢᠳᠠᠪᠠᠷ ᠰᠤᠷᠤᠯᠴᠠᠵᠤ᠂ ᠭᠦᠨᠵᠡᠭᠡᠢ | ᠰᠤᠷᠤᠯᠴᠠᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ | ᠡᠯ᠎ᠡ ᠲᠠᠯ᠎ᠠ ᠳᠤ ᠲᠤᠤᠱᠯᠠᠭᠤᠯᠵᠤ᠂ ᠲᠤᠰ ᠪᠡᠶ᠎ᠡ ᠶᠢᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ | ᠪᠣᠳᠠᠲᠠᠶᠢᠵᠢᠭᠤᠯᠬᠤ ᠪᠠᠷ ᠢᠶᠠᠨ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠳᠠᠶᠢᠴᠢᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠦᠬᠠᠢ ᠬᠤᠳᠠ ᠶᠢᠨ ᠨᠠᠢᠮᠠᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠳᠠ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ | ᠡᠯ᠎ᠡ ᠵᠦᠢᠯ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠬᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ | ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠬᠠᠤᠯᠢ ᠶᠣᠰᠣᠨ ᠤ ᠣᠷᠣᠨ ᠪᠠᠶᠢᠷᠢ ᠶᠢ ᠰᠡᠷᠭᠦᠭᠡᠭᠰᠡᠨ 50 ᠵᠢᠯ ᠤᠨ | ᠤᠢ ᠶᠢ ᠳᠤᠷᠠᠰᠬᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ ᠵᠣᠷᠢᠯᠲᠠ᠂ ᠳᠤᠮᠳᠠᠳᠤ | ᠤᠯᠤᠰ ᠤᠨ ᠰᠠᠨᠠᠭᠠᠴᠢᠯᠠᠭ᠎ᠠ ᠶᠢ ᠳᠤᠷᠠᠳᠤᠭᠰᠠᠨ ᠪᠠᠶᠢᠨ᠎ᠠ᠃ ︽ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ | ᠤᠶᠤᠨ ᠰᠠᠨᠠᠭᠠᠨ ᠤ ᠺᠠᠯᠼ ᠢ ᠨᠦᠬᠦᠪᠦᠷᠢᠯᠡᠬᠦ︾ ᠴᠢᠬᠤᠯᠠ ᠵᠣᠬᠢᠶᠠᠯ ᠳᠤ ᠬᠦᠰᠡᠯᠡᠩ ᠢᠲᠡᠭᠡᠯ ᠪᠢᠰᠢᠷᠡᠯ ᠢᠶᠠᠨ | ᠴᠢᠩᠭᠠᠳᠬᠠᠬᠤ᠂ ᠤᠶᠤᠨ ᠰᠠᠨᠠᠭᠠᠨ ᠤ ᠺᠠᠯᠼ ᠢ ᠨᠥᠬᠦᠪᠥᠷᠢᠯᠡᠬᠦ ᠦᠢᠯᠡᠳᠦᠯᠭᠡ ᠶᠢᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ | ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ | ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠬᠤ ᠠᠵᠢᠯᠯᠠᠭ᠎ᠠ ᠳᠡᠭᠡᠷ᠎ᠡ | ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ | ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ | ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠮᠤ ᠪᠤᠳᠠᠭ᠎ᠠ ᠠᠷᠪᠢᠯᠠᠬᠤ ᠠᠵᠢᠯᠯᠠᠭ᠎ᠠ ᠶᠢᠨ ᠲᠥᠰᠦᠯ︾ ᠤᠨ | ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ︽ᠫᠢᠯᠠ ᠬᠤᠭᠤᠰᠤᠯᠠᠬᠤ︾ ᠠᠵᠢᠯᠯᠠᠭ᠎ᠠ ᠥᠷᠨᠢᠭᠦᠯᠬᠦ ᠶᠢ | ᠢᠳᠡᠪᠬᠢᠲᠡᠶ ᠰᠠᠨᠠᠭᠠᠴᠢᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠢᠳᠡᠭᠡᠨ ᠣᠮᠳᠠᠭᠠᠨ ᠤ | ᠲᠠᠯ᠎ᠠ ᠪᠠᠷ ᠪᠦᠷᠢᠯᠭᠡᠨ ᠰᠥᠢᠳᠭᠡᠬᠦ︾ ᠶᠢ ᠬᠤᠷᠢᠭᠯᠠᠨ ᠵᠣᠭᠰᠣᠭᠠᠵᠤ᠂ ᠨᠡᠶᠢᠭᠡᠮ ᠳᠠᠶᠠᠭᠠᠷ ᠲᠤ ᠪᠦᠷᠢᠯᠭᠡᠨ | ᠰᠥᠢᠳᠭᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠪᠠᠷ ᠢᠷᠠᠭᠤ ᠠᠯᠳᠠᠷ ᠢᠶᠠᠨ ᠪᠣᠯᠭᠠᠭᠰᠠᠨ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢᠨ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠪᠣᠯ ᠨᠠᠮ ᠤᠨ | ᠲᠥᠪ ᠬᠤᠷᠢᠶ᠎ᠡ ᠠᠴᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠴᠢᠭᠯᠡᠭᠦᠯᠦᠨ ᠭᠠᠷᠭᠠᠭᠰᠠᠨ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ | ᠲᠤᠤᠱᠯᠠᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ ᠪᠠ ᠬᠤᠳᠠ ᠶᠢᠨ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ | ᠨᠡᠶᠢᠭᠡᠮ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠬᠦᠳᠦᠯᠥᠨ ᠳᠠᠭᠠᠭᠤᠯᠵᠤ᠂ | ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | | |