ᠨᠡᠶᠢᠭᠡᠮ ᠲᠣᠭᠤᠷᠢᠭ ᠤᠨ ᠵᠡᠮᠳᠡᠭᠴᠦᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠣ᠂ ︽ | ᠡᠷᠬᠡ ᠲᠡᠭᠰᠢ᠂ ᠣᠷᠣᠯᠴᠠᠬᠤ᠂ ᠬᠠᠮᠲᠤᠪᠠᠷ ᠡᠳ᠋ᠯᠡᠬᠦ︾ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠤᠯᠭᠠᠵᠦ᠂ | ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ | ᠰᠠᠨᠠᠭᠠᠴᠢᠯᠠᠬᠤ ᠶᠢᠨ ᠲᠤᠰᠠᠲᠠ᠂ ᠣᠶᠢᠷ᠎ᠠ ᠳᠤ᠂ ᠬᠤᠸᠠᠩ ᠪᠠᠶ ᠽᠢ ᠨᠡᠶᠢᠭᠡᠮ ᠲᠣᠭᠤᠷᠢᠭ ︽ᠰᠣᠶᠣᠯ ᠢᠶᠠᠷ | ᠵᠡᠮᠳᠡᠭᠴᠦᠳ ᠢ ᠲᠤᠰᠠᠯᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠰᠠᠭᠤᠭᠠᠯᠢ ᠠᠷᠠᠳ ᠤᠨ ᠲᠥᠯᠥᠭᠡᠯᠡᠭᠴᠢ ᠯᠢ ᠴᠦᠨ ᠯᠢᠩ ᠤᠯᠠᠨ ᠳᠤ ︽ᠳᠡᠯᠡᠬᠡᠢ | ᠳ᠋ᠠᠬᠢᠨ ᠢ ᠬᠠᠶᠢᠷ᠎ᠠ ᠬᠠᠯᠠᠮᠵᠢ ᠪᠠᠷ ᠪᠢᠯᠬᠠᠭᠤᠯᠤᠶᠠ︾ ᠭᠡᠬᠦ ᠶᠠᠷᠢᠶ᠎ᠠ ᠲᠠᠯᠪᠢᠵᠤ᠂ ᠨᠡᠶᠢᠭᠡᠮ ᠲᠣᠭᠤᠷᠢᠭ ᠤᠨ | ᠰᠦᠯᠵᠢᠶᠡᠨ ᠤ ᠠᠵᠢᠯᠳᠠᠨ ︽ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠵᠤ᠂ ᠴᠢ ᠪᠠᠶᠢᠪᠠᠯ ᠪᠢ ᠪᠠᠶᠢᠨ᠎ᠠ︾ | ᠭᠡᠬᠦ ᠶᠠᠷᠢᠶ᠎ᠠ ᠲᠠᠯᠪᠢᠵᠤ᠂ ᠨᠡᠶᠢᠭᠡᠮ ᠲᠣᠭᠤᠷᠢᠭ ᠤᠨ ᠵᠡᠮᠳᠡᠭᠴᠦᠳ ᠢ ᠤᠷᠢᠵᠤ ︽ᠵᠥᠪ ᠦᠭᠡ ᠪᠠᠷ ᠬᠡᠳᠡᠷᠬᠦ ᠶᠠᠷᠢᠬᠤ | ︾ ︽ᠴᠢ ᠦᠯᠢᠭᠡᠷᠯᠡᠵᠦ ᠪᠢ ᠲᠠᠭᠠᠬᠤ︾ ︽ᠬᠡᠢ ᠪᠥᠮᠪᠦᠭᠡ ᠶᠢ ᠭᠢᠰᠬᠢᠯᠡᠬᠦ︾ ᠵᠡᠷᠭᠡ ᠪᠢᠴᠢᠬᠠᠨ ᠲᠣᠭᠯᠠᠭᠠᠮ ᠳᠤ | ᠣᠷᠣᠯᠴᠠᠭᠤᠯᠵᠤ᠂ ᠳᠤᠮᠳᠠ ᠨᠢ ᠪᠠᠰᠠ ᠡᠷᠡᠭᠦᠯ ᠮᠡᠨᠳᠦ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢ | ᠰᠣᠯᠪᠢᠴᠠᠭᠤᠯᠵᠠᠢ᠃ | | ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠣᠶᠣᠯ ᠤᠨ | ᠠᠭᠤᠷ ᠠᠮᠢᠰᠬᠤᠯ ᠢ ᠳᠡᠭᠡᠭᠰᠢᠯᠡᠭᠦᠯᠵᠦ᠂ ᠵᠡᠮᠳᠡᠭᠴᠦᠳ ᠲᠤ ᠨᠡᠪᠲᠡᠷᠡᠯᠴᠡᠬᠦ ᠬᠥᠭᠦᠷᠭᠡ ᠲᠠᠯᠪᠢᠵᠤ᠂ ᠲᠡᠳᠡᠨ ᠢ ᠬᠡᠷ | ᠪᠦᠯᠢ ᠠᠴᠠ ᠨᠢ ᠭᠠᠷᠭᠠᠵᠤ᠂ ᠨᠡᠶᠢᠭᠡᠮ ᠳᠤ ᠠᠭᠤᠰᠤᠯᠴᠠᠭᠤᠯᠤᠨ᠂ ᠵᠡᠮᠳᠡᠭᠴᠦᠳ ᠤᠨ ᠠᠮᠢᠳᠤᠷᠠᠯ ᠤᠨ ᠲᠤᠬᠠᠶ | ᠢᠲᠡᠭᠡᠯ ᠵᠣᠷᠢᠭ ᠪᠠ ᠰᠥᠰᠥ ᠵᠣᠷᠢᠭ ᠢ ᠨᠡᠮᠡᠭᠳᠡᠭᠦᠯᠵᠦ᠂ ᠵᠡᠮᠳᠡᠭᠴᠦᠳ ᠤᠨ ᠣᠯᠠᠨ ᠲᠦᠮᠡᠨ ᠤ ᠥᠪᠡᠷ ᠢ ᠪᠠᠨ | ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ | ᠳᠡᠯᠭᠡᠨ ᠦᠵᠡᠭᠦᠯᠵᠦ᠂ ︽ᠡᠷᠬᠡ ᠲᠡᠭᠰᠢ᠂ ᠣᠷᠣᠯᠴᠠᠬᠤ᠂ ᠬᠠᠮᠲᠤ ᠪᠠᠷ ᠡᠳ᠋ᠯᠡᠬᠦ︾ ᠠᠭᠤᠷ ᠠᠮᠢᠰᠬᠤᠯ ᠢ ᠤᠯᠠᠮ | ᠨᠢᠭᠡ ᠠᠯᠬᠤᠮ ᠪᠣᠶ ᠪᠣᠯᠭᠠᠪᠠ᠃ |