ᠤᠳᠠ ᠵᠠᠰᠠᠭ ᠠᠯᠪᠠᠨ ᠲᠠᠷᠬᠠᠭᠠᠭᠰᠠᠨ ︽ᠤᠳᠠ ᠲᠣᠭᠤᠷᠢᠭ ᠤᠨ ︿ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ | ᠢᠯᠡ ᠪᠣᠯᠭᠠᠬᠤ﹀ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ | ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠳᠠ ᠲᠣᠭᠤᠷᠢᠭ ᠤᠨ ︿ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ﹀ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ | ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ | ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | 2021 | ᠣᠨ ᠤ 2 ᠰᠠᠷ᠎ᠠ ᠶᠢᠨ 7 ᠤ ᠡᠳᠦᠷ | ᠤᠳᠠ ᠲᠣᠭᠤᠷᠢᠭ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ | ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ | ᠲᠥᠯᠥᠭᠡ᠂ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠨ ᠦᠨᠡᠨᠬᠦ ᠬᠤᠪᠢᠷᠠᠭᠤᠯᠵᠤ᠂ ︽ᠲᠥᠷᠥ ᠶᠢᠨ | ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠰᠠᠯᠠᠭ᠎ᠠ ᠮᠥᠴᠢᠷ | ᠬᠤᠯᠪᠤᠭᠠᠯᠠᠨ〈 ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ〉ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠲᠥᠷᠥ | ᠲᠠᠷᠬᠠᠭᠠᠭᠰᠠᠨ ︹ 2019 ︺ 5 ᠳ᠋ᠤᠭᠠᠷ ᠲᠣᠭᠠᠲᠤ︶᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠵᠡᠷᠭᠡ 16 ᠰᠠᠯᠠᠭ᠎ᠠ ᠮᠥᠴᠢᠷ ᠤᠨ ︿ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠳᠠᠬᠢ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠳᠠᠩᠰᠠ ︵ | ᠨᠢᠭᠡᠳᠦᠭᠡᠷ ᠨᠢᠭᠤᠷ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠦᠷᠦ ᠬᠤᠲᠠ ᠬᠢᠨᠠᠯᠲᠠ | ᠵᠠᠩᠬᠢᠴᠢᠯᠠᠯᠲᠠ︹ 2020 ︺ 111 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ | ᠬᠤᠯᠪᠤᠭᠠᠯᠠᠨ〈 ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ〉ᠬᠢᠨᠠᠯᠲᠠ ᠬᠠᠮᠢᠶᠠᠷᠤᠯᠲᠠ ᠶᠢᠨ | ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ︹ 2019 ︺ 10 ᠳ᠋ᠤᠭᠠᠷ ᠲᠣᠭᠠᠲᠤ︶᠂ ︽︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ 18 ᠰᠠᠯᠠᠭ᠎ᠠ ᠮᠥᠴᠢᠷ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ︵ᠨᠢᠭᠡᠳᠦᠭᠡᠷ ᠨᠢᠭᠤᠷ︶﹀ ᠶᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠥᠪᠥᠷ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠵᠠᠬᠢᠳᠠᠯ ᠥᠰᠥᠭ ︹ 2020 ︺ 234 | ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠤᠳᠠ ᠲᠣᠭᠤᠷᠢᠭ ᠤᠨ ᠠᠵᠢᠯ ᠤᠨ | ᠪᠣᠳᠠᠲᠠᠶ ᠲᠠᠢ ᠤᠶᠠᠯᠳᠤᠭᠤᠯᠤᠨ᠂ ᠡᠳᠦᠭᠡ ᠤᠳᠠ ᠲᠣᠭᠤᠷᠢᠭ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠵᠦ᠂ ᠲᠣᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ | ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ | ᠪᠣᠯᠭᠠᠭᠰᠠᠨ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠬᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠦᠨᠳᠦᠰᠦᠨ ᠠᠷᠭ᠎ᠠ ᠪᠠᠷᠢᠯ ᠪᠠ ᠠᠷᠭ᠎ᠠ ᠮᠠᠶ᠋ᠢᠭ ᠪᠣᠯᠭᠠᠵᠤ᠂ ᠣᠨᠴᠣᠭᠤᠶ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠭᠠᠷᠭᠠᠪᠠᠯ᠂ ᠵᠠᠷᠴᠢᠮ ᠳᠡᠭᠡᠷ᠎ᠡ ᠪᠠᠨ ᠪᠦᠬᠦ ᠵᠠᠰᠠᠭ ᠵᠠᠬᠢᠷᠭᠠᠨ ᠤ | ᠪᠠᠶᠢᠴᠠᠭᠠᠯᠲᠠ ᠶᠢ ᠴᠥᠮ ︽ᠬᠤᠶᠠᠷ ᠢ ᠲᠣᠬᠢᠶᠠᠯᠳᠤᠯ ᠢᠶᠠᠷ ᠬᠢᠬᠦ︾ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠬᠤ ᠬᠡᠷᠡᠭᠲᠡᠶ᠃ | ᠬᠤᠶᠠᠷ᠂ ᠠᠵᠢᠯ ᠤᠨ ᠬᠠᠷᠠᠯᠲᠠ | ᠤᠳᠠ ᠲᠣᠭᠤᠷᠢᠭ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠳᠡᠯᠭᠡᠷᠡᠭᠦᠯᠵᠦ᠂ ᠬᠡᠷᠡᠭ ᠶᠠᠪᠤᠳᠠᠯ ᠤᠨ | ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠡ ︵ᠳᠣᠷᠣᠭᠰᠢ ︽ᠡᠯ᠎ᠡ ᠪᠦᠷᠢᠯᠳᠦᠬᠦᠨ ᠨᠢᠭᠡᠴᠡ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠳᠤ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ | ᠬᠠᠮᠢᠶ᠎ᠠ ᠪᠥᠬᠦᠶ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠨᠡᠶᠢᠳᠡᠮ ᠪᠦᠷᠬᠦᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ | ᠪᠡᠶᠡᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠰᠠᠯᠠᠭ᠎ᠠ ᠮᠥᠴᠢᠷ ᠤᠳ | ᠬᠤᠯᠪᠣᠭᠠᠯᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ | ᠦᠵᠡᠯ ᠤᠬᠠᠮᠰᠠᠷ ᠪᠠ ᠥᠪᠡᠷ ᠢ ᠪᠠᠨ ᠬᠢᠵᠠᠭᠠᠷᠯᠠᠬᠤ ᠬᠦᠴᠦᠨ ᠢ ᠴᠢᠩᠭᠠᠷᠠᠭᠤᠯᠵᠤ᠂ ᠬᠠᠤᠯᠢ ᠶᠢ ᠵᠥᠷᠢᠴᠡᠭᠰᠡᠳ ᠲᠤ | ︽ᠬᠤᠷᠴᠠ ᠰᠡᠯᠡᠮ᠎ᠡ ᠶᠢ ᠥᠨᠳᠥᠷ ᠡᠷᠭᠦᠬᠦ︾ ᠬᠡᠷᠡᠭᠲᠡᠶ︔ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠭᠠᠷ ᠲᠦᠷᠦᠭᠦ ᠶᠢ ᠦᠨᠡᠨ ᠬᠦ ᠪᠠᠭᠠᠰᠬᠠᠵᠤ᠂ ᠬᠠᠤᠯᠢ ᠶᠢ | ᠰᠠᠬᠢᠭᠴᠢ ᠶᠢ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠯᠭᠠᠨ᠎ᠠ᠃ ᠠᠵᠤ ᠠᠬᠤᠶᠢᠯᠠᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠠᠴᠠ | ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠳᠠᠰᠢ ᠬᠤᠪᠢᠷᠠᠭᠤᠯᠬᠤ ᠶᠢ ᠪᠡᠶᠡᠯᠡᠭᠦᠯᠦᠨ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠᠷ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠳᠡᠭᠡᠭᠰᠢᠯᠡᠭᠦᠯᠦᠨ᠎ᠡ᠃ | ᠭᠤᠷᠪᠠ᠂ ᠭᠤᠣᠯ ᠡᠭᠦᠷᠭᠡ | ︵ᠨᠢᠭᠡ︶ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ | ᠨᠡᠶᠢᠯᠡᠭᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠵᠦ᠂ ᠲᠤᠰ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ | ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠰᠤᠭᠤᠴᠢᠨ | ᠪᠠᠶᠢᠴᠠᠭᠠᠬᠤ ᠦᠨᠳᠦᠰᠦᠯᠡᠯ᠂ ᠭᠤᠤᠯ ᠴᠣᠭᠴᠠ᠂ ᠠᠷᠭ᠎ᠠ ᠮᠠᠶ᠋ᠢᠭ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ | ᠬᠠᠮᠲᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠤᠯ︶ ︵ᠳᠣᠷᠣᠭᠰᠢ ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠭᠡᠵᠦ ᠲᠣᠪᠴᠢᠯᠠᠨ᠎ᠠ︶ ᠳᠤ ᠪᠢᠴᠢᠨ ᠣᠷᠣᠭᠤᠯᠵᠤ᠂ ᠴᠠᠭ ᠲᠤᠬᠠᠶ ᠳᠤᠨᠢ | ᠬᠠᠮᠢᠶ᠎ᠠ ᠪᠥᠬᠦᠶ ᠰᠦᠯᠵᠢᠶᠡᠨ ᠥᠷᠲᠡᠭᠡ ᠪᠠ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠨ᠎ᠡ᠃ | ︵ᠬᠤᠶᠠᠷ︶ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢᠨ ︽ᠬᠤᠶᠠᠷ ᠬᠥᠮᠥᠷᠭᠡ︾ ᠶᠢ ᠪᠠᠶᠢᠭᠤᠯᠤᠨ | ᠪᠦᠷᠢᠨᠰᠢᠭᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ | ᠬᠠᠮᠢᠶᠠᠷᠬᠤ ᠲᠠᠪᠴᠠᠩ ᠳᠤ ᠲᠦᠰᠢᠭᠯᠡᠨ᠂ ᠲᠣᠰ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠬᠤ ᠵᠦᠢᠯᠡᠰ ᠯᠦᠭᠡ | ᠬᠠᠷᠢᠯᠴᠠᠨ ᠵᠣᠬᠢᠴᠠᠯᠳᠤᠭᠰᠠᠨ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠪᠠ ᠬᠠᠤᠯᠢ | ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠤᠨ ᠪᠦᠷᠢᠨᠰᠢᠭᠦᠯᠦᠨ᠎ᠡ ︵︽ | ᠬᠤᠶᠠᠷ ᠬᠥᠮᠥᠷᠭᠡ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠪᠠᠶᠢᠭᠤᠯᠤᠨ ᠪᠦᠷᠢᠨᠰᠢᠭᠦᠯᠦᠨ᠎ᠡ᠃ ᠪᠠᠶᠢᠴᠠᠭᠠᠭᠳᠠᠬᠤ | ᠡᠲᠡᠭᠡᠳ ᠤᠨ ᠨᠡᠷᠡᠰ ᠤᠨ ᠬᠥᠮᠥᠷᠭᠡ ᠳᠤ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠪᠤᠰᠤᠳ ᠭᠤᠤᠯ ᠴᠣᠭᠴᠠ ᠶᠢ ᠪᠠᠭᠲᠠᠭᠠᠵᠤ ᠪᠣᠯᠬᠤ | ᠮᠥᠷᠲᠡᠭᠡᠨ ᠪᠠᠰᠠ ᠦᠢᠯᠡᠳᠭᠦᠨ᠂ ᠲᠥᠷᠥᠯ ᠵᠦᠢᠯ᠂ ᠦᠢᠯᠡ ᠠᠵᠢᠯᠯᠠᠭ᠎ᠠ ᠵᠡᠷᠭᠡ ᠵᠠᠬ᠎ᠠ ᠳᠡᠯᠭᠡᠭᠦᠷ ᠤᠨ ᠪᠤᠰᠤ ᠭᠤᠤᠯ | ᠴᠣᠭᠴᠠ ᠶᠢ ᠪᠠᠭᠲᠠᠭᠠᠵᠤ ᠪᠣᠯᠤᠨ᠎ᠠ᠃ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠠᠵᠢᠯᠲᠠᠨ ᠤ ᠨᠡᠷᠡᠰ ᠤᠨ | ᠬᠥᠮᠥᠷᠭᠡ ᠳᠤ ᠠᠯᠢᠪᠠ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠠᠯᠪᠠᠲᠠᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮ ᠲᠠᠢ ᠠᠵᠢᠯᠲᠠᠨ ᠪᠠ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠷᠭᠢᠯᠡᠨ ᠬᠢᠵᠦ ᠪᠠᠶᠢᠭ᠎ᠠ ᠠᠵᠢᠯᠲᠠᠨ ᠢ ᠪᠠᠭᠲᠠᠭᠠᠬᠤ ᠶᠢᠨ ᠬᠠᠮᠲᠤ᠂ ᠬᠠᠤᠯᠢ | ᠬᠡᠷᠡᠭᠵᠢᠭᠦᠯᠬᠦ ᠬᠢᠷᠢ ᠬᠡᠮ᠂ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯ ᠤᠨ ᠶᠣᠰᠣᠭᠠᠷ ᠲᠥᠷᠥᠯ ᠬᠤᠪᠢᠶᠠᠨ | ᠲᠣᠳᠣᠷᠬᠠᠶᠢᠯᠠᠯᠲᠠ ᠬᠠᠳᠠᠬᠤ ᠬᠡᠷᠡᠭᠲᠡᠶ᠃ ᠣᠨᠴᠠ ᠲᠣᠭᠲᠠᠭᠠᠭᠰᠠᠨ ᠬᠦᠷᠢᠶ᠎ᠡ ᠴᠠᠷᠠᠭ᠎ᠠ ᠶᠢᠨ ᠰᠤᠭᠤᠴᠢᠨ | ᠪᠠᠶᠢᠴᠠᠭᠠᠬᠤ ᠳᠤ ᠪᠠᠶᠢᠴᠠᠭᠠᠨ ᠰᠢᠯᠭᠠᠬᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠵᠡᠷᠭᠡ ᠶᠢ ᠣᠷᠣᠯᠴᠠᠭᠤᠯᠤᠨ᠂ ᠲᠤᠰᠬᠠᠶ ᠮᠡᠷᠭᠡᠵᠢᠯᠲᠡᠨ ᠤ | ᠠᠰᠠᠭᠤᠨ ᠯᠠᠪᠯᠠᠬᠤ ᠰᠠᠨᠠᠯ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠬᠠᠪᠰᠤᠷᠤᠨ ᠠᠵᠢᠯᠯᠠᠵᠤ᠂ ᠲᠤᠰᠬᠠᠶ | ᠮᠡᠷᠭᠡᠵᠢᠯ ᠤᠨ ᠴᠢᠨᠠᠷᠲᠠᠶ ᠰᠤᠭᠤᠴᠢᠨ ᠪᠠᠶᠢᠴᠠᠭᠠᠬᠤ ᠬᠡᠷᠡᠭᠴᠡᠭᠡ ᠶᠢ ᠬᠠᠩᠭᠠᠵᠤ ᠪᠣᠯᠤᠨ᠎ᠠ᠃ ᠪᠠᠶᠢᠴᠠᠭᠠᠭᠳᠠᠬᠤ | ᠡᠲᠡᠭᠡᠳ ︵ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠶᠢᠭᠤᠯᠬᠤ᠂ ᠬᠤᠷᠢᠶᠠᠨ ᠠᠪᠴᠤ ᠬᠦᠴᠦᠨ ᠥᠬᠡᠶ | ᠪᠣᠯᠭᠠᠬᠤ᠂ ᠬᠦᠴᠦᠨ ᠥᠬᠡᠶ ᠪᠣᠯᠭᠠᠬᠤ︶ ᠪᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ᠤ | ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ︽ᠬᠤᠶᠠᠷ ᠬᠥᠮᠥᠷᠭᠡ︾ ᠳᠤ ᠬᠥᠳᠡᠯᠦᠩᠭᠦᠶ ᠬᠠᠮᠢᠶᠠᠷᠤᠯᠲᠠ ᠬᠢᠨ᠎ᠠ᠃ | | ︵ᠭᠤᠷᠪᠠ︶ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ ᠢ ᠲᠣᠭᠲᠠᠭᠠᠨ᠎ᠠ᠃ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠣᠰ ᠰᠠᠯᠠᠭ᠎ᠠ | ᠮᠥᠴᠢᠷ ᠤᠨ ᠢᠶᠠᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠠᠵᠢᠯ ᠤᠨ ᠵᠢᠯᠣᠭᠤᠳᠤᠮᠵᠢ ᠪᠠ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ ᠢ ᠲᠣᠭᠲᠠᠭᠠᠵᠤ᠂ ᠰᠤᠭᠤᠴᠢᠨ ᠪᠠᠶᠢᠴᠠᠭᠠᠬᠤ ᠲᠥᠷᠥᠯ ᠵᠦᠢᠯ᠂ | ᠰᠤᠭᠤᠴᠢᠨ ᠪᠠᠶᠢᠴᠠᠭᠠᠬᠤ ᠡᠲᠡᠭᠡᠳ᠂ ᠵᠦᠢᠯᠡᠰ ᠤᠨ ᠲᠥᠷᠥᠯ ᠢᠯᠭᠠᠯ᠂ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ᠂ | ᠢᠯᠡ ᠨᠡᠶᠢᠲᠡᠯᠡᠬᠦ ᠲᠠᠰ ᠳᠠᠷᠠᠭᠠᠯᠠᠯ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠬᠢᠨᠠᠯᠲᠠ ᠬᠠᠮᠢᠶᠠᠷᠤᠯᠲᠠ ᠶᠢ | ᠵᠣᠯᠭᠠᠭᠤᠯᠬᠤ᠂ ᠲᠠᠩᠰᠠ ᠡᠪᠬᠡᠮᠡᠯ ᠳᠤ ᠣᠷᠣᠭᠤᠯᠬᠤ ᠠᠷᠭ᠎ᠠ ᠮᠠᠶ᠋ᠢᠭ ᠵᠡᠷᠭᠡ ᠲᠠᠰ ᠳᠠᠷᠠᠭᠠᠯᠠᠯ ᠳᠤ ᠲᠣᠳᠣᠷᠬᠠᠶ | ᠲᠣᠭᠲᠠᠭᠠᠯ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ᠤ ᠠᠵᠢᠯᠯᠠᠬᠤ ᠳᠤ ᠲᠥᠬᠦᠮ | ᠦᠵᠡᠭᠦᠯᠦᠨ᠂ ᠰᠤᠭᠤᠴᠢᠨ ᠪᠠᠶᠢᠴᠠᠭᠠᠵᠤ ᠶᠢ ᠵᠢᠷᠤᠮᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ | ︵ᠳᠥᠷᠪᠡ︶ ᠰᠠᠯᠠᠭ᠎ᠠ ᠮᠥᠴᠢᠷ ᠤᠳ ᠬᠠᠮᠲᠤᠷᠠᠨ ᠰᠤᠭᠤᠴᠢᠨ ᠪᠠᠶᠢᠴᠠᠭᠠᠵᠤ ᠪᠠᠶᠢᠴᠠᠭᠠᠬᠤ ᠶᠢ ᠥᠷᠨᠢᠭᠦᠯᠦᠨ᠎ᠡ | ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ 18 ᠰᠠᠯᠠᠭ᠎ᠠ ᠮᠥᠴᠢᠷ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ | ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ︵ᠨᠢᠭᠡᠳᠦᠭᠡᠷ ᠨᠢᠭᠤᠷ︶﹀ ᠶᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠤᠲᠠ ᠶᠢᠨ ᠬᠢᠨᠠᠯᠲᠠ ᠵᠠᠬᠢᠳᠠᠯ ᠥᠰᠥᠭ ︹ 2020 ︺ 234 | ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠨ ᠤ ᠰᠠᠯᠠᠭ᠎ᠠ ᠮᠥᠴᠢᠷ ᠤᠨ | ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠮᠲᠤᠷᠠᠨ | ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠬᠢᠯᠡᠭᠦᠯᠬᠦ ᠰᠠᠯᠠᠭ᠎ᠠ | ᠮᠥᠴᠢᠷ ᠤᠳ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠲᠥᠰᠦᠯ ᠲᠣᠭᠲᠠᠭᠠᠵᠤ᠂ | ᠪᠠᠶᠢᠴᠠᠭᠠᠬᠤ ᠠᠭᠤᠯᠭ᠎ᠠ᠂ ᠪᠠᠶᠢᠴᠠᠭᠠᠬᠤ ᠴᠠᠭ᠂ ᠪᠠᠶᠢᠴᠠᠭᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠲᠣᠳᠣᠷᠬᠠᠶᠢᠯᠠᠨ᠂ | ᠬᠠᠮᠲᠤᠷᠠᠨ ᠰᠤᠭᠤᠴᠢᠨ ᠪᠠᠶᠢᠴᠠᠭᠠᠬᠤ ᠪᠠᠷ ᠳᠡᠮᠵᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠪᠠᠷ ᠠᠵᠤ ᠠᠬᠤᠶᠢᠯᠠᠯ ᠢ ᠬᠠᠷᠰᠢᠯᠠᠬᠤ ᠠᠴᠠ ᠵᠠᠶᠢᠯᠠᠰᠬᠢᠬᠦ ᠬᠡᠷᠡᠭᠲᠡᠶ᠃ | ᠳᠥᠷᠪᠡ᠂ ᠠᠵᠢᠯ ᠤᠨ ᠠᠯᠬᠤᠮ ᠳᠠᠷᠠᠭ᠎ᠠ | ︵ᠨᠢᠭᠡ︶ ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠨ᠎ᠠ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠰᠠᠯᠠᠭ᠎ᠠ | ᠮᠥᠴᠢᠷ ᠤᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ᠰᠠᠯᠠᠭ᠎ᠠ | ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ᠂ ᠲᠣᠰ | ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠪᠠ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ | ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ | ᠣᠷᠣᠭᠤᠯᠤᠨ ᠢᠯᠡ ᠨᠡᠶᠢᠲᠡᠯᠡᠨ᠎ᠡ᠃ ᠲᠣᠰ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠳᠤ | ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶ᠎ᠡ᠂ ᠲᠤᠭ᠎ᠠ ᠬᠡᠮᠵᠢᠶ᠎ᠡ ᠪᠠ ᠴᠠᠭ ᠤᠨ ᠲᠣᠬᠢᠷᠠᠭᠤᠯᠤᠯᠲᠠ ᠵᠡᠷᠭᠡ | ᠵᠦᠢᠯᠡᠰ ᠢ ᠲᠣᠳᠣᠷᠬᠠᠶᠢᠯᠠᠬᠤ ᠴᠢᠬᠤᠯᠠᠲᠠᠶ᠃ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠶᠢᠴᠠᠭᠠᠬᠤ | ᠲᠥᠯᠥᠪᠯᠡᠭᠡ ᠳᠤ ᠰᠠᠨᠠᠭᠠᠴᠢᠯᠠᠭ᠎ᠠ ᠶᠢᠨ ᠰᠠᠯᠠᠭ᠎ᠠ ᠮᠥᠴᠢᠷ᠂ ᠬᠠᠮᠲᠤᠷᠠᠭᠰᠠᠨ ︵ᠣᠷᠣᠯᠴᠠᠭᠰᠠᠨ︶ ᠰᠠᠯᠠᠭ᠎ᠠ ᠮᠥᠴᠢᠷ᠂ | ᠰᠤᠭᠤᠴᠢᠨ ᠪᠠᠶᠢᠴᠠᠭᠠᠬᠤ ᠴᠠᠭ᠂ ᠰᠤᠭᠤᠴᠢᠨ ᠪᠠᠶᠢᠴᠠᠭᠠᠬᠤ ᠵᠦᠢᠯᠡᠰ᠂ ᠰᠤᠭᠤᠴᠢᠨ ᠪᠠᠶᠢᠴᠠᠭᠠᠬᠤ ᠡᠲᠡᠭᠡᠳ᠂ | ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠵᠡᠷᠭᠡ ᠵᠦᠢᠯᠡᠰ ᠢ ᠲᠣᠳᠣᠷᠬᠠᠶᠢᠯᠠᠬᠤ ᠬᠡᠷᠡᠭᠲᠡᠶ᠃ | ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠬᠠᠮᠢᠶ᠎ᠠ ᠪᠥᠬᠦᠶ ᠠᠵᠢᠯ ᠤᠨ ᠲᠠᠰ ᠳᠠᠷᠠᠭᠠᠯᠠᠯ ᠶᠣᠰᠣᠭᠠᠷ ᠬᠥᠳᠡᠯᠦᠩᠭᠦᠶ ᠪᠠᠷ ᠳᠣᠭᠢᠷᠠᠭᠤᠯᠵᠤ ᠪᠣᠯᠤᠨ᠎ᠠ᠃ | ︵ᠬᠤᠶᠠᠷ︶ ᠰᠤᠭᠤᠴᠢᠨ ᠪᠠᠶᠢᠴᠠᠭᠠᠵᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ | ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ᠂ | ᠬᠠᠤᠯᠢ ᠬᠡᠷᠡᠭᠵᠢᠭᠦᠯᠬᠦ ᠡᠩᠨᠡᠭᠡ ᠶᠢᠨ ᠪᠣᠳᠠᠲᠠᠶ ᠪᠠᠶᠢᠳᠠᠯ ᠶᠣᠰᠣᠭᠠᠷ᠂ ᠪᠠᠶᠢᠴᠠᠭᠠᠬᠤ ᠡᠲᠡᠭᠡᠳ ᠢᠶᠠᠨ ᠪᠦᠯᠦᠭ | ᠤᠳᠠᠭ᠎ᠠ ᠪᠠᠷ ᠰᠤᠭᠤᠴᠢᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠲᠠᠢ | ᠳᠣᠭᠢᠷᠠᠭᠤᠯᠤᠨ᠎ᠠ᠃ ᠰᠣᠩᠭᠤᠨ ᠠᠪᠬᠤ ᠶᠠᠪᠤᠴᠠ ᠳᠤ ᠢᠯᠡ᠂ ᠲᠥᠪ ᠭᠤᠣᠯᠴᠢ ᠠᠷᠭ᠎ᠠ ᠬᠡᠯᠪᠡᠷᠢ ᠪᠠᠷ ᠳᠠᠮᠵᠢᠭᠤᠯᠤᠨ | ᠂ ᠠᠳᠠᠯᠢ ᠪᠤᠰᠤ ᠠᠶᠤᠯ ᠲᠦᠭᠰᠢᠭᠦᠷᠢ ᠶᠢᠨ ᠬᠡᠮᠵᠢᠶ᠎ᠡ᠂ ᠢᠲᠡᠭᠡᠮᠵᠢ ᠶᠢᠨ ᠬᠢᠷᠢ ᠬᠡᠮᠵᠢᠶ᠎ᠡ ᠶᠢᠨ ᠪᠠᠶᠢᠴᠠᠭᠠᠭᠳᠠᠬᠤ | ᠡᠲᠡᠭᠡᠳ ᠲᠤ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠰᠤᠭᠤᠴᠢᠨ ᠪᠠᠶᠢᠴᠠᠭᠠᠬᠤ ᠬᠠᠷᠢᠴᠠᠯ | ᠪᠠ ᠪᠠᠶᠢᠴᠠᠭᠠᠭᠳᠠᠬᠤ ᠡᠲᠡᠭᠡᠳ ᠤᠨ ᠰᠤᠭᠤᠴᠢᠨ ᠪᠠᠶᠢᠴᠠᠭᠠᠭᠳᠠᠬᠤ ᠲᠣᠬᠢᠶᠠᠯᠳᠤᠮᠵᠢ ᠶᠢ ᠵᠦᠶ ᠵᠣᠬᠢᠰᠲᠠᠶ ᠲᠣᠭᠲᠠᠭᠠᠨ | ᠂ ᠬᠥᠳᠡᠯᠦᠩᠭᠦᠶ ᠪᠠᠷ ᠳᠣᠭᠢᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠳᠣᠭᠢᠷᠠᠭᠤᠯᠤᠨ | ᠠᠵᠢᠯᠲᠠᠨ ᠤ ᠲᠣᠬᠢᠷᠠᠭᠤᠯᠤᠯᠲᠠ᠂ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯ ᠵᠡᠷᠭᠡ ᠪᠤᠰᠤᠳᠴᠢ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠴᠢᠬᠤᠯᠠ ᠪᠥᠬᠦᠶ ᠰᠤᠭᠤᠴᠢᠨ ᠪᠠᠶᠢᠴᠠᠭᠠᠬᠤ ᠬᠠᠮᠤᠷᠬᠤ ᠬᠡᠪᠴᠢᠶ᠎ᠡ ᠪᠠ | ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠪᠠᠲᠤᠯᠠᠬᠤ ᠮᠥᠷᠲᠡᠭᠡᠨ ᠪᠠᠰᠠ ᠳᠤᠷ᠎ᠠ ᠪᠠᠷ ᠢᠶᠠᠨ ᠪᠠᠶᠢᠴᠠᠭᠠᠬᠤ ᠪᠠ ᠬᠠᠤᠯᠢ | ᠬᠡᠷᠡᠭᠵᠢᠭᠦᠯᠦᠨ ᠠᠷᠠᠳ ᠢ ᠥᠢᠮᠡᠭᠦᠯᠬᠦ ᠶᠢ ᠰᠡᠷᠭᠡᠶᠢᠯᠡᠬᠦ ᠬᠡᠷᠡᠭᠲᠡᠶ᠃ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠢᠶᠠᠨ | ᠦᠨᠳᠦᠰᠦᠯᠡᠨ᠂ ᠪᠢᠴᠢᠭ ᠢᠶᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠲᠣᠤᠷ | ᠰᠦᠯᠵᠢᠶ᠎ᠡ ᠪᠠᠷ ᠬᠢᠨᠠᠨ ᠰᠢᠨᠵᠢᠬᠦ᠂ ᠲᠤᠰᠬᠠᠶ ᠪᠠᠶᠢᠭᠤᠯᠤᠮᠵᠢ ᠳᠤ ᠨᠠᠶᠢᠳᠠᠬᠤ ᠵᠡᠷᠭᠡ ᠣᠯᠠᠨ ᠵᠦᠢᠯ ᠤᠨ | ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠪᠴᠤ ᠪᠣᠯᠤᠨ᠎ᠠ᠃ ᠲᠤᠬᠠᠶ ᠶᠢᠨ ᠭᠠᠵᠠᠷ ᠲᠤᠨᠢ ᠬᠠᠷᠭᠤᠭᠤᠯᠤᠨ | ᠪᠠᠶᠢᠴᠠᠭᠠᠬᠤ ᠳᠤ ᠪᠠᠶᠢᠴᠠᠭᠠᠭᠳᠠᠬᠤ ᠡᠲᠡᠭᠡᠳ ᠲᠠᠢ ᠤᠷᠢᠳᠴᠢᠯᠠᠨ ᠬᠠᠷᠢᠯᠴᠠᠵᠤ᠂ ᠪᠠᠶᠢᠴᠠᠭᠠᠬᠤ ᠵᠦᠢᠯᠡᠰ᠂ | ᠪᠠᠶᠢᠴᠠᠭᠠᠬᠤ ᠴᠠᠭ ᠬᠤᠭᠤᠴᠠᠭ᠎ᠠ ᠵᠢᠴᠢ ᠪᠡᠯᠡᠳᠬᠡᠬᠦ ᠴᠢᠬᠤᠯᠠᠲᠠᠶ ᠪᠠᠶᠢᠴᠠᠭᠠᠯᠲᠠ ᠶᠢᠨ ᠮᠠᠲ᠋ᠧᠷᠢᠶᠠᠯ ᠢ ᠨᠢᠭᠡ ᠯᠡ | ᠤᠳᠠᠭ᠎ᠠ ᠳᠤ ᠮᠡᠳᠡᠭᠳᠡᠬᠦ ᠶᠢᠨ ᠬᠠᠮᠲᠤ ᠰᠣᠩᠭᠤᠨ ᠪᠠᠶᠢᠴᠠᠭᠠᠭᠳᠠᠬᠤ ᠡᠲᠡᠭᠡᠳ ᠤᠨ ᠬᠠᠮᠢᠶ᠎ᠠ ᠪᠥᠬᠦᠶ ᠬᠥᠮᠦᠰ ᠢ | ᠲᠤᠬᠠᠶ ᠶᠢᠨ ᠲᠠᠯᠠᠪᠤᠷ ᠲᠤ ᠬᠦᠷᠴᠦ ᠬᠠᠮᠵᠢᠯᠴᠠᠭᠤᠯᠬᠤ ᠪᠠᠷ ᠱᠠᠭᠠᠷᠳᠠᠬᠤ ᠬᠡᠷᠡᠭᠲᠡᠶ᠃ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠠᠵᠢᠯᠳᠠᠨ ᠪᠠᠶᠢᠴᠠᠭᠠᠭᠳᠠᠬᠤ ᠡᠲᠡᠭᠡᠳ ᠲᠤ ᠪᠠᠶᠢᠴᠠᠭᠠᠯᠲᠠ ᠬᠢᠬᠦ ᠦᠶ᠎ᠡ ᠳᠤ᠂ ᠬᠤᠯᠪᠣᠭᠳᠠᠯ | ᠪᠦᠬᠦᠢ ᠲᠠᠩᠰᠠ ᠬᠠᠷ᠎ᠠ᠂ ᠭᠡᠷ᠎ᠡ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠬᠠᠤᠯᠢ ᠶᠣᠰᠣᠭᠠᠷ ᠪᠠᠶᠢᠴᠠᠭᠠᠨ ᠦᠵᠡᠬᠦ᠂ | ᠪᠠᠭᠤᠯᠭᠠᠬᠤ᠂ ᠲᠤᠬᠠᠶ ᠶᠢᠨ ᠬᠥᠮᠦᠨ᠂ ᠪᠠᠶᠢᠳᠠᠯ ᠢ ᠮᠡᠳᠡᠬᠦ ᠬᠥᠮᠦᠨ ᠠᠴᠠ ᠬᠤᠯᠪᠣᠭᠳᠠᠯ ᠪᠦᠬᠦᠢ ᠪᠠᠶᠢᠳᠠᠯ ᠢ | ᠪᠠᠶᠢᠴᠠᠭᠠᠨ ᠣᠶᠢᠯᠠᠭᠠᠬᠤ ᠡᠷᠬᠡ ᠲᠠᠢ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠳᠠᠨ | ᠪᠠᠶᠢᠴᠠᠭᠠᠭᠰᠠᠨ ᠪᠠᠶᠢᠳᠠᠯ ᠢᠶᠠᠨ ᠦᠨᠡᠨ ᠮᠥᠨ ᠢᠶᠠᠷ ᠨᠢ ᠲᠡᠮᠳᠡᠭᠯᠡᠵᠦ᠂ ᠲᠡᠮᠳᠡᠭᠯᠡᠬᠦ ᠳᠤ ᠪᠠᠶᠢᠴᠠᠭᠠᠭᠳᠠᠬᠤ ᠡᠲᠡᠭᠡᠳ | ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠬᠤ ᠬᠡᠷᠡᠭᠲᠡᠶ᠃ ᠭᠠᠷ ᠤᠨ ᠦᠰᠦᠭ ᠵᠢᠷᠤᠬᠤ ᠪᠤᠶᠤ ᠲᠠᠮᠠᠭ᠎ᠠ | ᠳᠠᠷᠤᠬᠤ ᠶᠢᠨ ᠠᠷᠭ᠎ᠠ ᠦᠭᠡᠢ ᠪᠠᠶᠢᠪᠠᠯ᠂ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠂ ᠴᠢᠬᠤᠯᠠᠲᠠᠶ ᠦᠶ᠎ᠡ ᠳᠤ | ᠬᠤᠯᠪᠣᠭᠳᠠᠯ ᠪᠦᠬᠦᠢ ᠬᠥᠮᠦᠰ ᠢ ᠤᠷᠢᠵᠤ ᠭᠠᠷ ᠤᠨ ᠦᠰᠦᠭ ᠵᠢᠷᠤᠭᠤᠯᠵᠤ ᠭᠡᠷᠡᠴᠢᠯᠡᠭᠦᠯᠵᠦ ᠪᠣᠯᠤᠨ᠎ᠠ᠃ | ᠰᠤᠭᠤᠴᠢᠨ ᠪᠠᠶᠢᠴᠠᠭᠠᠬᠤ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠵᠣᠬᠢᠴᠠᠩᠭᠤᠶ ᠰᠢᠢᠳᠪᠦᠷᠢᠯᠡᠬᠦ ᠬᠡᠷᠡᠭᠲᠡᠶ᠃ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠳᠣᠲᠣᠭᠠᠳᠤ ᠶᠢᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠠᠶᠢᠭᠤᠯᠵᠤ᠂ | ᠡᠭᠦᠷᠭᠡ ᠬᠠᠷᠢᠭᠤᠴᠠᠯᠭ᠎ᠠ ᠨᠢ ᠵᠣᠬᠢᠴᠠᠯᠳᠤᠭᠰᠠᠨ ᠳᠣᠲᠣᠭᠠᠳᠤ ᠪᠠᠶᠢᠭᠤᠯᠤᠮᠵᠢ ᠠᠴᠠ ᠰᠢᠢᠳᠪᠦᠷᠢᠯᠡᠬᠦ ᠬᠡᠷᠡᠭᠲᠡᠶ᠃ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠪᠤᠰᠤᠳ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ | ᠰᠦᠪᠡᠭᠴᠢ ᠶᠢ ᠴᠠᠭ ᠲᠤᠬᠠᠶ ᠳᠤᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠳᠡᠵᠦ᠂ ᠶᠠᠯ᠎ᠠ ᠬᠢᠭᠰᠡᠨ ᠢᠶᠠᠷ | ᠰᠡᠵᠢᠭᠯᠡᠭᠳᠡᠭᠰᠡᠨ ᠪᠠᠶᠢᠪᠠᠯ ᠴᠠᠭ ᠲᠤᠬᠠᠶ ᠳᠤᠨᠢ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠶᠢᠨ | ᠬᠠᠮᠲᠤ ᠮᠡᠳᠡᠭᠳᠡᠵᠦ ᠰᠢᠯᠵᠢᠭᠦᠯᠦᠨ ᠬᠦᠷᠭᠡᠭᠰᠡᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠰᠤᠭᠤᠴᠢᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢ | ᠴᠢᠩᠭᠠᠷᠠᠭᠤᠯᠤᠨ᠎ᠠ᠃ ︽ᠬᠡᠨ ᠪᠠᠶᠢᠴᠠᠭᠠᠪᠠᠯ᠂ ᠬᠡᠨ ᠪᠢᠴᠢᠵᠦ ᠣᠷᠤᠭᠤᠯᠵᠦ᠂ ᠬᠡᠨ ᠢᠯᠡ ᠨᠡᠶᠢᠲᠡᠯᠡᠬᠦ︾ ᠵᠠᠷᠴᠢᠮ | ᠶᠣᠰᠣᠭᠠᠷ᠂ ᠪᠠᠶᠢᠴᠠᠭᠠᠬᠤ ᠰᠠᠯᠠᠭ᠎ᠠ ᠮᠥᠴᠢᠷ ᠤᠳ ᠪᠠᠶᠢᠴᠠᠭᠠᠯᠲᠠ ᠶᠢ ᠪᠡᠶᠡᠯᠡᠭᠦᠯᠦᠭᠰᠡᠨ ᠡᠳᠦᠷ ᠠᠴᠠ ᠡᠬᠢᠯᠡᠨ 20 | ᠠᠵᠢᠯᠯᠠᠬᠤ ᠡᠳᠦᠷ ᠤᠨ ᠳᠣᠲᠣᠷ᠎ᠠ᠂ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ | ᠳᠠᠮᠵᠢᠭᠤᠯᠤᠨ ᠰᠤᠭᠤᠴᠢᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ᠪᠢᠴᠢᠵᠦ ᠣᠷᠣᠭᠤᠯᠬᠤ ᠶᠢᠨ ᠬᠠᠮᠲᠤ | ᠢᠯᠡ ᠨᠡᠶᠢᠲᠡᠯᠡᠨ᠎ᠡ᠃ ᠨᠢᠭᠡᠨᠲᠡ ᠪᠠᠶᠢᠴᠠᠭᠠᠬᠤ ᠶᠢ ᠬᠡᠷᠡᠭᠵᠢᠭᠦᠯᠦᠭᠰᠡᠨ ᠪᠣᠯᠪᠠᠴᠤ ᠢᠯᠡ ᠨᠡᠶᠢᠲᠡᠯᠡᠭᠰᠡᠨ ᠥᠬᠡᠶ ᠪᠠᠶᠢᠪᠠᠯ | ᠂ ᠰᠤᠭᠤᠴᠢᠨ ᠪᠠᠶᠢᠴᠠᠭᠠᠬᠤ ᠶᠢ ᠪᠡᠶᠡᠯᠡᠭᠦᠯᠦᠭᠰᠡᠨ ᠥᠬᠡᠶ ᠪᠠᠷ ᠦᠵᠡᠨ᠎ᠡ᠃ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ | ᠨᠡᠶᠢᠲᠡᠯᠡᠬᠦ ᠳᠤ ᠵᠥᠪᠬᠡᠨ ᠰᠤᠭᠤᠴᠢᠨ ᠪᠠᠶᠢᠴᠠᠭᠠᠬᠤ ᠦᠢᠯᠡ ᠠᠵᠢᠯᠯᠠᠭ᠎ᠠ ᠶᠢᠨ ᠲᠣᠰ ᠪᠡᠶ᠎ᠡ ᠳᠤ ᠴᠢᠭᠯᠡᠭᠦᠯᠵᠦ᠂ | ᠦᠷᠭᠦᠯᠵᠢᠯᠡᠨ ᠪᠠᠶᠢᠴᠠᠭᠠᠭᠳᠠᠬᠤ ᠡᠲᠡᠭᠡᠳ ᠲᠤ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠵᠠᠷᠯᠠᠨ | ᠨᠡᠶᠢᠲᠡᠯᠡᠬᠦ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠲᠣᠭᠲᠠᠭᠠᠯ | ᠶᠣᠰᠣᠭᠠᠷ ᠵᠠᠷᠯᠠᠨ ᠨᠡᠶᠢᠲᠡᠯᠡᠨ᠎ᠡ᠃ | ᠬᠤᠶᠠᠷ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠡᠯ᠎ᠡ ᠲᠥᠷᠥᠯ ᠤᠨ | ᠠᠰᠠᠭᠤᠳᠠᠯ ᠳᠤ᠂ ︽ᠬᠡᠨ ᠬᠠᠷᠢᠶᠠᠯᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠲᠠᠷᠠᠭᠠᠴᠢ ᠶᠢᠨ ᠬᠢᠨᠠᠯᠲᠠ | ᠬᠠᠮᠢᠶᠠᠷᠤᠯᠲᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠢᠯᠡᠷᠡᠭᠦᠯᠦᠭᠰᠡᠨ ᠬᠠᠤᠯᠢ ᠠᠴᠠ ᠵᠥᠷᠢᠴᠡᠵᠦ ᠢᠲᠡᠭᠡᠯ | ᠠᠯᠳᠠᠭᠰᠠᠨ ᠦᠶ᠋ᠯᠡ ᠠᠵᠢᠯᠯᠠᠭ᠎ᠠ ᠳᠤ ᠬᠠᠤᠯᠢ ᠶᠣᠰᠣᠭᠠᠷ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ | ᠬᠦᠴᠦᠲᠡᠶ ᠰᠦᠷᠳᠡᠭᠦᠯᠦᠯ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠢ ᠰᠠᠬᠢᠬᠤ | ᠤᠬᠠᠮᠰᠠᠷᠲᠤ ᠴᠢᠨᠠᠷ ᠢ ᠴᠢᠩᠭᠠᠷᠠᠭᠤᠯᠤᠨ᠎ᠠ᠃ | ᠲᠠᠪᠤ᠂ ᠪᠤᠰᠤᠳ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠲᠤᠭᠤᠷᠢᠭ ᠤᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠬᠤ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠬᠠᠮᠲᠤᠷᠠᠨ | ᠰᠤᠭᠤᠴᠢᠨ ᠪᠠᠶᠢᠴᠠᠭᠠᠬᠤ ᠪᠠ ᠲᠣᠰ ᠰᠢᠰᠲ᠋ᠧᠮ ᠤᠨ ᠢᠶᠠᠨ ᠳᠣᠲᠣᠭᠠᠳᠤ ᠶᠢᠨ ᠰᠤᠭᠤᠴᠢᠨ ᠪᠠᠶᠢᠴᠠᠭᠠᠬᠤ ᠠᠵᠢᠯ ᠢ | ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠨ᠎ᠠ᠃ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠷᠢᠮᠲᠠ ᠶᠢᠨ ᠬᠠᠷᠢᠭᠤᠴᠠᠯᠭ᠎ᠠ ᠶᠢ ᠭᠡᠯᠳᠦᠷᠢᠭᠦᠯᠬᠦ᠂ | ᠬᠠᠷᠢᠭᠤᠴᠠᠯᠭ᠎ᠠ ᠪᠠᠨ ᠠᠯᠳᠠᠭᠰᠠᠨ ᠪᠠᠷᠢᠮᠲᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ᠂ ᠵᠣᠬᠢᠰ ᠥᠬᠡᠶ ᠭᠦᠢᠴᠡᠳᠭᠡᠭᠰᠡᠨ ᠪᠤᠶᠤ ᠬᠠᠤᠯᠢ ᠠᠴᠠ ᠵᠥᠷᠢᠴᠡᠨ | ᠭᠦᠢᠴᠡᠳᠭᠡᠭᠰᠡᠳ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠂ ᠶᠠᠯ᠎ᠠ ᠬᠢᠭᠰᠡᠨ | ᠰᠡᠵᠢᠭᠯᠡᠯᠲᠡᠶ ᠪᠠᠶᠢᠪᠠᠯ᠂ ᠬᠤᠯᠪᠣᠭᠳᠠᠯ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ | ᠰᠢᠢᠳᠪᠦᠷᠢᠯᠡᠭᠦᠯᠦᠨ᠎ᠡ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠳ ᠢ ᠰᠠᠶᠢᠰᠢᠶᠠᠨ ᠵᠣᠷᠢᠭᠵᠢᠭᠤᠯᠬᠤ ᠬᠡᠷᠡᠭᠲᠡᠶ᠃ | ︵ᠭᠤᠷᠪᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠬᠤᠯᠠᠴᠢᠯᠠᠨ᠎ᠠ᠃ ᠰᠠᠯᠠᠭ᠎ᠠ ᠮᠥᠴᠢᠷ ᠤᠳ | ᠬᠤᠯᠪᠣᠭᠠᠯᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠵᠦᠢᠯᠡᠰ ᠤᠨ ᠬᠤᠯᠪᠣᠭᠳᠠᠬᠤ ᠰᠠᠯᠠᠭ᠎ᠠ ᠮᠥᠴᠢᠷ ᠣᠯᠠᠨ᠂ ᠬᠠᠮᠤᠷᠬᠤ | ᠬᠦᠷᠢᠶ᠎ᠡ ᠬᠡᠪᠴᠢᠶ᠎ᠡ ᠥᠷᠭᠡᠨ᠂ ᠪᠠᠶᠢᠴᠠᠭᠠᠬᠤ ᠵᠦᠢᠯᠡᠰ ᠤᠨ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠪᠠᠶᠢᠳᠠᠭ | ᠪᠣᠯᠬᠤᠷ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ | ᠂ ᠨᠢᠭᠲᠠ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠥᠬᠦ ᠲᠤᠭᠤᠷᠢᠭ ᠤᠨ ᠰᠠᠯᠠᠭ᠎ᠠ ᠮᠥᠴᠢᠷ ᠤᠨ | ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠬᠡᠷᠡᠭᠲᠡᠶ᠃ | ᠳᠠᠭᠠᠯᠳᠤᠭᠤᠯᠤᠯ᠄ ᠤᠳᠠ ᠲᠣᠭᠤᠷᠢᠭ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ | ᠪᠣᠯᠭᠠᠬᠤ︾ ᠠᠵᠢᠯ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠢᠯᠡ | ᠨᠡᠶᠢᠲᠡᠯᠡᠬᠦ ᠠᠵᠢᠯ ᠤᠨ ᠰᠢᠮᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠵᠦ ᠬᠠᠷᠢᠭᠤᠴᠠᠯᠭ᠎ᠠ ᠬᠡᠯᠡᠯᠴᠡᠬᠦ ᠲᠦᠷᠢᠮ | ᠳᠠᠭᠠᠯᠳᠤᠭᠤᠯᠤᠯ | ᠤᠳᠠ ᠲᠣᠭᠤᠷᠢᠭ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠵᠢᠴᠢ | ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠢᠯᠡ ᠨᠡᠶᠢᠲᠡᠯᠡᠬᠦ ᠠᠵᠢᠯ ᠤᠨ | ᠰᠢᠮᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢᠨ ᠪᠥᠬᠦ ᠲᠠᠯ᠎ᠠ ᠶᠢᠨ ᠠᠵᠢᠯᠯᠠᠭᠠᠨ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠤᠳᠠ | ᠲᠣᠭᠤᠷᠢᠭ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠢᠴᠢ ᠠᠵᠤ ᠠᠬᠤᠶᠢᠯᠠᠯ ᠳᠤ | ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠢᠯᠡ ᠨᠡᠶᠢᠲᠡᠯᠡᠬᠦ ᠠᠵᠢᠯ ᠤᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠤᠰᠠᠳᠠ᠂ ᠣᠨᠴᠣᠭᠤᠶᠢᠯᠠᠨ ᠲᠣᠰ ᠲᠦᠷᠢᠮ ᠢ ᠲᠣᠭᠲᠠᠭᠠᠪᠠ᠃ | ᠨᠢᠭᠡ᠂ ᠰᠢᠮᠳᠠᠭᠤᠯᠤᠨ ᠪᠠᠶᠢᠴᠠᠭᠠᠬᠤ ᠠᠭᠤᠯᠭ᠎ᠠ | ︵ᠨᠢᠭᠡ︶ ᠡᠯ᠎ᠡ ᠪᠦᠷᠢᠯᠳᠦᠬᠦᠨ ᠨᠢᠭᠡᠴᠡ ᠶᠢᠨ ︽ᠬᠤᠶᠠᠷ ᠢ ᠲᠣᠬᠢᠶᠠᠯᠳᠤᠯ ᠢᠶᠠᠷ ᠬᠢᠵᠦ᠂ ᠨᠢᠭᠡ ᠶᠢ ᠢᠯᠡ | ᠪᠣᠯᠭᠠᠬᠤ︾ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ | ︵ᠬᠤᠶᠠᠷ︶ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ︾᠂ ᠣᠨ ᠤ ᠰᠤᠭᠤᠴᠢᠨ | ᠪᠠᠶᠢᠴᠠᠭᠠᠬᠤ ᠠᠵᠢᠯ ᠤᠨ ᠲᠥᠯᠥᠪᠯᠡᠭᠡ᠂ ᠠᠵᠢᠯ ᠤᠨ ᠡᠭᠦᠷᠭᠡ ᠶᠢᠨ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ | ᠬᠠᠮᠢᠶᠠᠷᠬᠤ ᠲᠠᠪᠴᠠᠩ — ᠥᠪᠥᠷ ᠮᠣᠩᠭᠤᠯ︾ ᠤᠨ ᠰᠢᠰᠲ᠋ᠧᠮ ᠳᠤ ᠣᠷᠣᠭᠤᠯᠤᠭᠰᠠᠨ᠂ ᠬᠡᠷᠡᠭᠵᠢᠭᠦᠯᠦᠭᠰᠡᠨ | ᠪᠠᠶᠢᠴᠠᠭᠠᠯᠲᠠ ᠵᠢᠴᠢ ᠢᠯᠡ ᠪᠠᠷ ᠨᠡᠶᠢᠲᠡᠯᠡᠵᠦ ᠣᠷᠣᠭᠤᠯᠤᠭᠰᠠᠨ ᠵᠡᠷᠭᠡ ᠪᠠᠶᠢᠳᠠᠯ ᠢ ᠲᠣᠭᠲᠠᠭᠠᠨ᠎ᠠ᠃ | ︵ᠭᠤᠷᠪᠠ︶ ᠠᠵᠢᠯ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ | ᠢᠯᠡ ᠨᠡᠶᠢᠲᠡᠯᠡᠬᠦ ᠠᠵᠢᠯ ᠤᠨ ᠪᠠᠶᠢᠳᠠᠯ ᠵᠡᠷᠭᠡ᠃ | ᠬᠤᠶᠠᠷ᠂ ᠰᠢᠮᠳᠠᠭᠤᠯᠤᠨ ᠪᠠᠶᠢᠴᠠᠭᠠᠵᠤ ᠨᠡᠪᠲᠡᠷᠡᠭᠦᠯᠬᠦ ᠠᠷᠭ᠎ᠠ ᠮᠠᠶ᠋ᠢᠭ | ︵ᠨᠢᠭᠡ︶ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ ᠨᠡᠪᠲᠡᠷᠡᠭᠦᠯᠦᠨ᠎ᠡ᠃ ᠤᠯᠠᠷᠢᠯ | ᠪᠦᠷᠢ ᠳᠤ ᠡᠯ᠎ᠡ ᠨᠢᠭᠡᠴᠡ ᠶᠢᠨ ᠳᠣᠲᠣᠭᠠᠳᠤ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ | ︾ ᠰᠤᠭᠤᠴᠢᠨ ᠪᠠᠶᠢᠴᠠᠭᠠᠯᠲᠠ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠵᠤ ᠢᠯᠡ | ᠨᠡᠶᠢᠲᠡᠯᠡᠬᠦ ᠠᠵᠢᠯ ᠤᠨ ᠠᠬᠢᠴᠠ ᠶᠢᠨ ᠪᠠᠶᠢᠳᠠᠯ ᠢ ᠨᠡᠪᠲᠡᠷᠡᠭᠦᠯᠦᠨ᠎ᠡ᠂ ᠡᠯ᠎ᠡ ᠪᠦᠷᠢᠯᠳᠦᠬᠦᠨ ᠨᠢᠭᠡᠴᠡ ᠶᠢᠨ ᠰᠠᠯᠠᠭ᠎ᠠ | ᠮᠥᠴᠢᠷ ᠠᠯᠤᠰᠯᠠᠨ ᠬᠠᠮᠲᠤᠷᠠᠨ ᠪᠠᠶᠢᠴᠠᠭᠠᠭᠰᠠᠨ ᠪᠠᠶᠢᠳᠠᠯ ᠢ ᠬᠠᠭᠠᠰ ᠵᠢᠯ ᠪᠦᠷᠢ ᠨᠡᠪᠲᠡᠷᠡᠭᠦᠯᠦᠨ᠎ᠡ᠃ | ︵ᠬᠤᠶᠠᠷ︶ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ ᠨᠡᠪᠲᠡᠷᠡᠭᠦᠯᠦᠨ᠎ᠡ᠃ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠳᠣᠭᠢᠷᠠᠭᠤᠯᠤᠭᠰᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠰᠤᠭᠤᠴᠢᠨ ᠪᠠᠶᠢᠴᠠᠭᠠᠬᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ | ᠨᠡᠪᠲᠡᠷᠡᠭᠦᠯᠦᠨ᠎ᠡ᠃ | ︵ᠭᠤᠷᠪᠠ︶ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠵᠤ ᠨᠡᠪᠲᠡᠷᠡᠭᠦᠯᠦᠨ ᠮᠡᠳᠡᠭᠳᠡᠨ᠎ᠡ᠃ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ | ᠵᠠᠩᠭᠢ ᠶᠢ ᠴᠤᠭᠯᠠᠭᠤᠯᠤᠨ ᠢᠯᠡ ᠪᠣᠯᠭᠠᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠨᠡᠪᠲᠡᠷᠡᠭᠦᠯᠬᠦ ᠶᠢᠨ | ᠬᠠᠮᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ | ᠭᠤᠷᠪᠠ᠂ ᠵᠠᠷᠯᠠᠨ ᠮᠡᠳᠡᠭᠳᠡᠬᠦ ᠱᠠᠭᠠᠷᠳᠠᠯᠭ᠎ᠠ | ︵ᠨᠢᠭᠡ︶ ᠤᠳᠠ ᠲᠣᠭᠤᠷᠢᠭ ᠤᠨ ᠬᠢᠨ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠶᠢ ᠳᠡᠯᠭᠡᠷᠡᠭᠦᠯᠵᠦ᠂ | ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠠᠴᠠ ᠡᠯ᠎ᠡ ᠪᠦᠷᠢᠯᠳᠦᠬᠦᠨ ᠨᠢᠭᠡᠴᠡ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠵᠢᠴᠢ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠢᠯᠡ | ᠨᠡᠶᠢᠲᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠶᠢᠨ ᠬᠠᠮᠲᠤ᠂ ᠰᠢᠮᠳᠠᠭᠤᠯᠤᠨ | ᠪᠠᠶᠢᠴᠠᠭᠠᠭᠰᠠᠨ ᠪᠠᠶᠢᠳᠠᠯ ᠢᠶᠠᠨ ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠲᠤ | ᠮᠡᠳᠡᠭᠦᠯᠵᠦ᠂ ᠰᠢᠮᠳᠠᠭᠤᠯᠤᠨ ᠪᠠᠶᠢᠴᠠᠭᠠᠵᠤ ᠮᠡᠳᠡᠭᠡᠯᠡᠬᠦ ᠠᠵᠢᠯ ᠢ ᠬᠠᠮᠵᠢᠨ ᠰᠠᠶᠢᠲᠤᠷ ᠬᠢᠨ᠎ᠠ᠃ | ︵ᠬᠤᠶᠠᠷ︶ ᠠᠵᠢᠯ ᠤᠨ ᠳᠤᠮᠳᠠ ᠪᠠᠨ ᠬᠠᠷᠢᠯᠴᠠᠨ ᠬᠠᠮᠵᠢᠯᠴᠠᠭᠰᠠᠨ᠂ ᠠᠵᠢᠯ ᠤᠨ ᠠᠷᠭ᠎ᠠ ᠬᠡᠮᠵᠢᠶ᠎ᠡ ᠨᠢ | ᠬᠦᠴᠦᠲᠡᠶ᠂ ᠠᠵᠢᠯ ᠤᠨ ᠡᠷᠴᠢᠮ ᠢᠶᠠᠷ ᠴᠢᠩᠭ᠎ᠠ᠂ ᠪᠡᠶᠡᠯᠡᠭᠦᠯᠦᠭᠰᠡᠨ ᠶᠠᠰᠤ ᠴᠢᠨᠠᠷ ᠢᠶᠠᠷ ᠥᠨᠳᠥᠷ ᠨᠢᠭᠡᠴᠡ ᠶᠢ ᠵᠠᠷᠯᠠᠨ | ᠮᠡᠳᠡᠭᠳᠡᠵᠦ ᠰᠠᠶᠢᠰᠢᠶᠠᠨ᠎ᠠ᠃ | ︵ᠭᠤᠷᠪᠠ︶ ᠰᠤᠭᠤᠴᠢᠨ ᠪᠠᠶᠢᠴᠠᠭᠠᠬᠤ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ ᠳᠡᠶᠢᠯᠬᠦ ᠥᠬᠡᠶ ᠪᠤᠶᠤ ᠪᠡᠶᠡᠯᠡᠭᠦᠯᠦᠭᠰᠡᠨ ᠶᠠᠰᠤ ᠴᠢᠨᠠᠷ ᠢᠶᠠᠷ ᠨᠡᠯᠢᠶᠡᠳ ᠠᠨᠠᠶ ᠨᠢᠭᠡᠴᠡ ᠶᠢ | ᠨᠡᠪᠲᠡᠷᠡᠭᠦᠯᠦᠨ ᠰᠢᠭᠦᠮᠵᠢᠯᠡᠬᠦ ᠶᠢᠨ ᠬᠠᠮᠲᠤ᠂ ᠨᠡᠪᠲᠡᠷᠡᠭᠦᠯᠦᠨ ᠮᠡᠳᠡᠭᠳᠡᠭᠰᠡᠨ ᠦᠷ᠎ᠡ ᠳ᠋ᠦᠩ ᠢᠶᠠᠨ ᠲᠤᠭᠤᠷᠢᠭ ᠤᠨ | ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠤ ᠮᠡᠳᠡᠭᠦᠯᠵᠦ ᠦᠵᠡᠭᠦᠯᠦᠨ ᠮᠡᠳᠡᠭᠦᠯᠦᠨ᠎ᠡ᠃ | ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ | ᠡᠯ᠎ᠡ ᠪᠦᠷᠢᠯᠳᠦᠬᠦᠨ ᠨᠢᠭᠡᠴᠡ ᠨᠦᠭᠦᠳ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠷᠢᠮᠲᠠ ᠶᠢᠨ ᠬᠠᠷᠢᠭᠤᠴᠠᠯᠭ᠎ᠠ ᠠᠴᠠ | ᠭᠡᠯᠳᠦᠷᠢᠭᠦᠯᠬᠦ᠂ ᠬᠠᠷᠢᠭᠤᠴᠠᠯᠭ᠎ᠠ ᠪᠠᠨ ᠠᠯᠳᠠᠭᠰᠠᠨ ᠤ ᠪᠠᠷᠢᠮᠲᠠ ᠶᠢᠨ ᠶᠣᠰᠣᠭᠠᠷ ᠬᠠᠷᠢᠭᠤᠴᠠᠯᠭ᠎ᠠ ᠬᠡᠯᠡᠯᠴᠡᠬᠦ︾ | ᠵᠠᠷᠴᠢᠮ ᠶᠣᠰᠣᠭᠠᠷ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ᠂ ᠵᠣᠬᠢᠰ ᠥᠬᠡᠶ ᠭᠦᠢᠴᠡᠳᠭᠡᠭᠰᠡᠨ | ᠪᠤᠶᠤ ᠬᠠᠤᠯᠢ ᠠᠴᠠ ᠵᠥᠷᠢᠴᠡᠨ ᠭᠦᠢᠴᠡᠳᠭᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠬᠦ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠳᠤᠮᠳᠠ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠄ | ︵ᠨᠢᠭᠡ︶ ᠱᠠᠭᠠᠷᠳᠠᠯᠭ᠎ᠠ ᠶᠣᠰᠣᠭᠠᠷ ᠰᠣᠩᠭᠤᠨ ᠪᠠᠶᠢᠴᠠᠭᠠᠭᠰᠠᠨ ᠦᠭᠡᠢ ᠠᠴᠠ ᠪᠤᠯᠵᠤ ᠮᠠᠭᠤ ᠦᠷ᠎ᠡ ᠳ᠋ᠦᠩ | ᠭᠠᠷᠭᠠᠭᠰᠠᠨ | ︵ᠬᠤᠶᠠᠷ︶ ᠰᠣᠩᠭᠤᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ᠬᠠᠤᠯᠢ ᠶᠣᠰᠣᠭᠠᠷ ᠴᠠᠭ | ᠲᠤᠬᠠᠶ ᠳᠤᠨᠢ ᠵᠠᠷᠯᠠᠨ ᠨᠡᠶᠢᠲᠡᠯᠡᠭᠰᠡᠨ ᠦᠭᠡᠢ ᠠᠴᠠ ᠪᠤᠯᠵᠤ ᠮᠠᠭᠤ ᠦᠷ᠎ᠡ ᠳ᠋ᠦᠩ ᠭᠠᠷᠭᠠᠭᠰᠠᠨ | ︵ᠭᠤᠷᠪᠠ︶ ᠰᠣᠩᠭᠤᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ | ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠰᠡᠨ | ᠦᠭᠡᠢ | ︵ᠲᠦᠷᠪᠡ︶ ᠰᠣᠩᠭᠤᠨ ᠪᠠᠶᠢᠴᠠᠭᠠᠬᠤ ᠡᠭᠦᠷᠭᠡ ᠶᠢ ᠭᠦᠢᠴᠡᠳᠬᠡᠭᠰᠡᠨ ᠦᠭᠡᠢ ᠪᠤᠶᠤ ᠬᠤᠶᠢᠰᠢᠯᠠᠭᠤᠯᠤᠨ | ᠭᠦᠢᠴᠡᠳᠬᠡᠭᠰᠡᠨ | ︵ᠲᠠᠪᠤ︶ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠤᠰᠤᠳ ᠪᠠᠶᠢᠳᠠᠯ |