11 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠳᠠ | ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 12 ᠳ᠋ᠤᠭᠠᠷ | ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠨᠠᠰᠤᠲᠠᠶᠢᠴᠤᠳ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ | ᠲᠤᠤᠱᠯᠠᠭᠤᠯᠵᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ | ᠂ ᠦᠬᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠳᠤ ᠮᠠᠨ ᠤ ᠲᠤᠭᠤᠷᠢᠭ ᠤᠨ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ | ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ | ᠲᠤᠤᠱᠯᠠᠭᠤᠯᠵᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠠᠵᠢᠯ ᠢ ᠰᠠᠶᠢᠲᠤᠷ ᠬᠢᠬᠦ ᠲᠤᠬᠠᠢ ᠨᠠᠮ ᠤᠨ ᠲᠥᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯ | ᠪᠢᠳᠡᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ | ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠬᠤ ᠶᠢ ᠵᠢᠯᠣᠭᠤᠳᠴᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢ ᠠᠬᠢᠭᠤᠯᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠃ ᠪᠦᠬᠦ | ᠲᠣᠭᠤᠷᠢᠭ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠬᠤᠳᠠ ᠶᠢᠨ ᠨᠠᠢᠮᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠷᠠᠯᠲᠠ ᠡᠭᠦᠷᠭᠡ ᠶᠢ ᠬᠡᠷᠡᠭᠵᠢᠭᠦᠯᠬᠦ ᠶᠢ ᠠᠬᠢᠭᠤᠯᠬᠤ ᠲᠠᠢ ᠤᠶᠠᠯᠳᠤᠭᠤᠯᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠪᠥᠬᠦ ᠬᠤᠲᠠ ᠶᠢᠨ ︽ᠨᠢᠭᠡ | ᠵᠢᠷᠤᠮᠯᠠᠯ᠂ ᠨᠢᠭᠡ ᠭᠤᠤᠯ ᠱᠤᠭᠤᠮ᠂ ᠬᠤᠶᠠᠷ ᠶᠡᠭᠡ ᠡᠭᠦᠷᠭᠡ᠂ ᠭᠤᠷᠪᠠᠨ ᠥᠨᠳᠥᠷ ᠬᠠᠷᠠᠯᠲᠠ︾ ᠶᠢᠨ | ᠬᠥᠭᠵᠢᠯᠲᠡ ᠶᠢᠨ ᠰᠡᠳᠬᠢᠮᠵᠢ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠶᠢ ᠡᠷᠡᠰ ᠰᠠᠶᠢᠲᠤᠷ | ᠠᠳᠬᠤᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠨ᠂ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠳᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ | ᠵᠥᠪᠯᠡᠯ ᠤᠨ 4 ᠳ᠋ᠦ᠋ᠭᠡᠷ ᠤᠳᠠᠭᠠᠨ ᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠨ | ᠪᠤᠳᠤᠬᠤ ᠵᠥᠪᠯᠡᠯ ᠤᠨ 4 ᠳ᠋ᠦ᠋ᠭᠡᠷ ᠤᠳᠠᠭᠠᠨ ᠤ ᠬᠤᠷᠠᠯ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠠᠬᠢᠭᠤᠯᠬᠤ ᠬᠤᠷᠠᠯ ᠢ ᠲᠤᠬᠤᠵᠤ᠂ ᠮᠠᠨ ᠤ ᠲᠤᠭᠤᠷᠢᠭ ᠤᠨ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠤᠭᠰᠠᠨ | ᠪᠠᠶᠢᠳᠠᠯ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ | ᠡᠨᠡ ᠵᠢᠯ ᠠᠴᠠ ᠨᠠᠰᠢ᠂ ᠪᠦᠬᠦ ᠲᠤᠭᠤᠷᠢᠭ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ | ᠬᠠᠷᠠᠯᠲᠠ ᠶᠢᠨ ᠲᠣᠭᠤᠷᠢᠨ ᠳᠤ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠦᠴᠢᠷ ᠢ ᠲᠤᠭᠤᠯᠤᠨ ᠬᠦᠴᠢᠷ ᠢ | ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ | ᠪᠠᠲᠤᠯᠠᠪᠠ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠤᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠥᠴᠦᠬᠡᠨ ᠴᠦ ᠪᠣᠯᠭᠤᠮᠵᠢ ᠦᠭᠡᠢ᠂ ᠭᠤᠷᠢᠳᠠᠬᠤ ᠪᠤᠳᠤᠯ᠂ | ᠮᠢᠨᠴᠦᠭᠦᠷᠡᠬᠦ ᠪᠤᠳᠤᠯ ᠲᠠᠢ ᠪᠠᠶᠢᠵᠤ ᠪᠣᠯᠬᠤ ᠦᠭᠡᠢ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠴᠢᠩᠭ᠎ᠠ ᠪᠣᠳᠠᠲᠠᠢ ᠴᠢᠩᠭ᠎ᠠ ᠨᠢᠮᠪᠠᠢ ᠠᠳᠬᠤᠵᠤ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠶᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ | ᠬᠡᠷᠡᠭᠲᠡᠢ᠃ ᠣᠳᠣᠬᠠᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠳᠤ ᠵᠥᠪ ᠢᠶᠠᠷ ᠬᠠᠨᠳᠤᠵᠤ᠂ ᠢᠲᠡᠭᠡᠯ | ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠬᠠᠷᠠᠯᠲᠠ ᠪᠠᠨ ᠲᠣᠭᠲᠠᠭᠠᠵᠤ᠂ ᠯᠠᠪᠳᠠᠭᠤᠨ ᠪᠠᠲᠤᠲᠠᠶ ᠪᠠᠷ | ᠡᠴᠦᠰ ᠲᠤᠨᠢ ᠲᠤᠯᠲᠠᠯ᠎ᠠ ᠠᠳᠬᠤᠵᠤ᠂ ᠨᠢᠭᠡᠨᠲᠡ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ ᠡᠯ᠎ᠡ | ᠵᠦᠢᠯ ᠤᠨ ᠠᠵᠢᠯ ᠢᠶᠠᠨ ᠦᠨᠡᠨ ᠬᠦ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠬᠤ ᠬᠡᠷᠡᠭᠲᠡᠶ᠃ ᠡᠨᠧᠷᠭᠢ ᠶᠢᠨ | ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠠᠵᠢᠯ ᠢ ᠡᠷᠡᠰ ᠰᠠᠶᠢᠲᠤᠷ ᠬᠢᠵᠦ᠂ ᠡᠨᠧᠷᠭᠢ ᠶᠢᠨ | ᠬᠤᠷᠣᠭᠳᠠᠭᠤᠯᠤᠯ ᠤᠨ ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ᠮᠡᠷᠭᠡᠵᠢᠯ ᠤᠨ | ᠥᠭᠡᠷᠡᠴᠢᠯᠡᠯᠲᠡ ᠶᠢ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠨ᠂ ᠡᠨᠧᠷᠭᠢ ᠠᠷᠪᠢᠯᠠᠵᠤ ᠬᠤᠷᠣᠭᠳᠠᠭᠤᠯᠤᠯ ᠢ | ᠪᠠᠭᠠᠰᠬᠠᠬᠤ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠲᠦᠷᠭᠡᠳᠬᠡᠨ ᠠᠬᠢᠭᠤᠯᠵᠤ᠂ ᠬᠦᠴᠢᠷ ᠲᠦᠪᠡᠭᠲᠡᠶ ᠠᠰᠠᠭᠤᠳᠠᠯ ᠪᠠ ᠲᠦᠭᠵᠢᠷᠡᠯ ᠲᠠᠢ | ᠠᠰᠠᠭᠤᠳᠠᠯ ᠢ ᠰᠢᠢᠳᠪᠦᠷᠢᠯᠡᠨ᠂ ᠴᠠᠭ ᠲᠤᠬᠠᠶ ᠳᠤᠨᠢ ᠮᠥᠷᠳᠡᠨ ᠰᠢᠪᠠᠳᠠᠨ ᠰᠢᠢᠳᠪᠦᠷᠢᠯᠡᠭᠦᠯᠵᠦ᠂ ᠪᠣᠳᠠᠲᠠᠶ | ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠪᠡᠷᠬᠡ | ᠰᠡᠳᠦᠪ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ︽ᠦᠢᠯᠡᠴᠢᠯᠡᠭᠴᠢ︾ ᠤᠨ ᠵᠣᠷᠢᠭ ᠰᠠᠨᠠᠭ᠎ᠠ ᠶᠢ ᠪᠠᠳᠠᠷᠠᠭᠤᠯᠤᠨ | ᠂ ᠠᠵᠤ ᠠᠬᠤᠶᠢᠯᠠᠯ ᠤᠨ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠠᠨ ᠤ ᠲᠤᠭᠤᠷᠢᠭ ᠤᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ | ᠬᠡᠷᠡᠭᠲᠡᠶ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ ᠰᠢᠪᠲᠤᠯᠵᠤ᠂ | ︽ᠳᠤᠯᠤᠭ᠎ᠠ ᠶᠢ ᠵᠠᠰᠠᠬᠤ︾ ᠪᠠᠷ ᠶᠡᠷᠦᠩᠬᠡᠢ ᠭᠠᠷᠳᠠᠴᠠ ᠪᠣᠯᠭᠠᠵᠤ᠂ ᠠᠭᠤᠷᠬᠠᠢ ᠶᠢᠨ ᠣᠷᠣᠨ ᠢ ᠴᠡᠭᠴᠡᠯᠡᠨ | ᠵᠠᠰᠠᠬᠤ ᠪᠠᠷ ᠭᠤᠣᠯ ᠳᠠᠶᠢᠨ ᠤ ᠲᠠᠯᠠᠪᠤᠷ ᠪᠣᠯᠭᠠᠵᠤ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠪᠠᠷ | ᠦᠨᠳᠦᠰᠦ ᠠᠴᠠ ᠨᠢ ᠵᠠᠰᠠᠬᠤ ᠪᠤᠳᠤᠯᠭ᠎ᠠ ᠪᠣᠯᠭᠠᠵᠤ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠤᠯᠠᠮᠵᠢᠯᠠᠯᠲᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠲᠠᠪᠴᠠᠩ ᠤᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠦᠢᠯᠡᠳᠬᠦᠨ ᠢ ᠵᠠᠬ᠎ᠠ ᠳᠡᠯᠭᠡᠭᠦᠷᠴᠢᠯᠡᠨ | ᠬᠡᠷᠡᠭᠯᠡᠬᠦ ᠶᠢ ᠠᠬᠢᠭᠤᠯᠵᠤ᠂ ᠡᠯᠧᠮᠧᠨ᠋ᠲ ᠤᠨ ᠬᠠᠮᠵᠢᠯᠴᠠᠨ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠠᠵᠤ | ᠦᠢᠯᠡᠰ ᠤᠨ ᠭᠡᠯᠬᠢᠶ᠎ᠡ ᠶᠢ ᠳᠤᠤᠷᠠᠳᠤ ᠤᠷᠤᠰᠬᠠᠯ ᠲᠡᠰᠢ ᠤᠷᠲᠤᠳᠬᠠᠬᠤ᠂ ᠦᠷᠳᠡᠭ ᠤᠨ ᠭᠡᠯᠬᠢᠶ᠎ᠡ ᠶᠢ ᠳᠡᠭᠡᠳᠦ | ᠲᠦᠪᠰᠢᠨ ᠲᠡᠰᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ | ᠤᠬᠠᠮᠰᠠᠷ ᠠᠴᠠ ᠪᠠᠨ ᠤᠯᠤᠰ ᠲᠥᠷᠥ ᠪᠠ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠬᠢᠨᠠᠨ ᠪᠤᠳᠤᠬᠤ ᠠᠵᠢᠯ ᠢ | ᠰᠦᠪᠡᠭᠴᠢᠯᠡᠨ ᠠᠬᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠮᠤᠭ ᠤᠨ ᠰᠠᠶᠢᠨ ᠦᠢᠯᠡᠳᠦᠯ ᠤᠨ ᠴᠡᠭ ᠢ ᠦᠨᠡᠨᠬᠦ ᠣᠨᠣᠪᠴᠢᠲᠠᠶ ᠡᠷᠢᠵᠦ᠂ ᠬᠢᠨᠠᠨ ᠪᠤᠳᠤᠬᠤ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠭᠡᠵᠦ᠂ ᠬᠢᠨᠠᠨ ᠪᠤᠳᠤᠬᠤ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠶ᠃ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠤᠳᠠ ᠶᠢᠨ ᠨᠠᠢᠮᠠᠳᠤᠭᠠᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠶᠢᠰᠦᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠭᠤᠣᠯᠳᠠᠯᠭ᠎ᠠ ᠪᠠᠨ | ᠲᠥᠪᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠠᠵᠢᠯ ᠳᠤ ᠬᠢᠨᠠᠨ ᠪᠤᠳᠤᠬᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ | ᠡᠭᠦᠷᠭᠡ ᠶᠢᠨ ᠤᠷᠤᠭᠰᠢᠲᠠᠢ ᠲᠣᠭᠲᠠᠭᠤᠨ ᠢᠶᠠᠷ ᠠᠬᠢᠬᠤ ᠶᠢ ᠪᠠᠲᠤᠯᠠᠬᠤ ᠬᠡᠷᠡᠭᠲᠡᠢ᠃ ᠬᠢᠨᠠᠨ ᠪᠤᠳᠤᠯᠳᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠬᠢᠨᠠᠨ ᠪᠤᠳᠤᠯᠳᠠ ᠶᠢ ᠬᠦᠯᠢᠶᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ | ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠬᠤᠲᠠ ᠶᠢᠨ ᠣᠷᠣᠨ ᠵᠠᠶ ᠶᠢᠨ | ᠲᠥᠯᠥᠪᠵᠢᠭᠦᠯᠭᠡ᠂ ᠪᠦᠬᠦᠯᠢ ᠴᠣᠭᠴᠠ ᠶᠢᠨ ᠳᠦᠷᠢ ᠲᠥᠷᠬᠦ ᠵᠢᠴᠢ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ | ᠤᠶᠠᠯᠳᠤᠭᠤᠯᠤᠨ᠂ ᠮᠠᠨ ᠤ ᠲᠤᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ᠂ ᠬᠠᠭᠤᠴᠢᠨ ᠵᠢᠵᠢᠭ ᠲᠣᠭᠤᠷᠢᠭ ᠤᠨ ᠰᠢᠨᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠦᠷᠭᠡᠬᠡᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠯᠠ ᠠᠴᠠ ᠠᠷᠭ᠎ᠠ ᠰᠦᠪᠡᠭᠴᠢᠯᠡᠵᠦ | ᠣᠶᠢᠷ᠎ᠠ ᠠᠴᠠ ᠬᠡᠷᠡᠭᠯᠡᠬᠦ ᠶᠢ ᠳᠣᠪᠤᠶᠢᠯᠭᠠᠨ᠂ ᠠᠰᠢᠭᠲᠠᠶ ᠠᠵᠠ ᠲᠣᠬᠢᠶᠠᠯ ᠢ ᠴᠢᠩᠭ᠎ᠠ ᠠᠳᠬᠤᠵᠤ᠂ ᠤᠰᠤ ᠬᠠᠩᠭᠠᠬᠤ | ᠂ ᠪᠣᠬᠢᠷᠲᠤᠯ ᠭᠠᠳᠠᠭᠰᠢᠯᠠᠭᠤᠯᠬᠤ᠂ ᠦᠶᠡᠷ ᠵᠠᠯᠠᠬᠤ᠂ ᠢᠯᠴᠢ ᠬᠠᠩᠭᠠᠬᠤ ᠵᠡᠷᠭᠡ ᠭᠠᠵᠠᠷ ᠳᠣᠤᠷᠠᠬᠢ ᠬᠤᠭᠤᠯᠠᠶ | ᠲᠣᠤᠷ ᠢ ᠥᠭᠡᠷᠡᠴᠢᠯᠡᠬᠦ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠵᠦ᠂ ᠬᠤᠲᠠ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ ᠳᠦᠷᠰᠦ | ᠪᠠᠶᠢᠳᠠᠯ ᠢ ᠳᠡᠭᠡᠭᠰᠢᠯᠡᠭᠦᠯᠦᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ | ᠬᠤᠷᠠᠯ ᠠᠴᠠ ᠵᠢᠭᠠᠵᠤ ᠭᠠᠷᠭᠠᠭᠰᠠᠨ ᠨᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ | ᠪᠦᠬᠦ ᠲᠠᠯ᠎ᠠ ᠪᠠᠷ ᠰᠠᠶᠢᠲᠤᠷ ᠠᠳᠬᠤᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ | ᠵᠢᠷᠤᠮᠯᠠᠯ ᠬᠠᠩᠭᠠᠵᠠᠢ᠃ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ | ᠲᠤᠬᠠᠶ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠪᠠᠶᠢᠯᠳᠤᠬᠤ ᠪᠣᠳᠣᠯᠭ᠎ᠠ ᠪᠠ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠦᠢᠯ ᠤᠨ ᠴᠢᠬᠤᠯᠠ | ᠴᠢᠨᠠᠷ ᠪᠠ ᠪᠣᠳᠠᠲᠠᠶ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠮᠠᠨ ᠤ ᠲᠤᠭᠤᠷᠢᠭ ᠤᠨ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ | ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠳᠡᠭᠡᠷ᠎ᠡ ᠬᠦᠴᠦ ᠣᠷᠣᠭᠤᠯᠤᠨ᠂ ᠪᠣᠳᠠᠲᠠᠶ | ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡ ᠴᠤᠭᠴᠠᠵᠢᠭᠤᠯᠤᠨ | ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠳᠤᠪᠤᠶᠢᠮ᠎ᠠ | ᠠᠰᠠᠭᠤᠳᠠᠯ ᠢ ᠵᠤᠷᠪᠤᠰ ᠳᠠᠷᠠᠭᠠᠯᠠᠨ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ ᠡᠬᠢ ᠪᠠᠶᠠᠯᠢᠭ ᠢᠯᠠᠩᠭᠤᠶ᠎ᠠ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠳᠡᠭᠡᠳᠦ ᠱᠤᠭᠤᠮ ᠢ ᠴᠢᠩᠭ᠎ᠠ ᠰᠠᠬᠢᠵᠤ᠂ ᠤᠰᠤ ᠠᠷᠪᠢᠯᠠᠵᠤ ᠪᠣᠬᠢᠷᠲᠤᠯ ᠢ ᠵᠠᠰᠠᠬᠤ᠂ ᠪᠣᠬᠢᠷᠲᠤᠯ | ᠦᠭᠡᠢ ᠪᠠᠷ ᠬᠡᠯᠪᠡᠷᠢ ᠶᠢ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢᠨ ᠠᠵᠢᠯ ᠤᠨ ᠬᠠᠷᠠᠯᠲᠠ ᠶᠢ | ᠴᠢᠷᠮᠠᠶᠢᠨ ᠪᠡᠶᠡᠯᠡᠭᠦᠯᠵᠦ᠂ ᠪᠦᠬᠦ ᠤᠯᠤᠰ᠂ ᠪᠦᠬᠦ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠶᠡᠭᠡ | ᠲᠠᠯ᠎ᠠ ᠳᠤ ᠦᠢᠯᠡᠴᠢᠯᠡᠬᠦ ᠳᠤᠮᠳᠠ ᠤᠳᠠ ᠲᠤᠭᠤᠷᠢᠭ ᠤᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠶᠡᠷᠦᠩᠬᠡᠶ ᠱᠦᠵᠢ ᠰᠢ ᠶᠢᠨ ᠫᠢᠩ ᠨᠠᠰᠤᠲᠠᠶᠢᠴᠤᠳ ᠤᠨ ᠠᠵᠢᠯ ᠳᠤ ᠴᠢᠬᠤᠯᠠ ᠵᠢᠭᠠᠪᠤᠷᠢ ᠥᠭᠴᠦ᠂ | ᠪᠢᠳᠡᠨ ᠤ ᠨᠠᠰᠤᠲᠠᠶᠢᠴᠤᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠨᠠᠰᠤᠲᠠᠶᠢᠴᠤᠳ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠪᠦᠬᠦ ᠲᠤᠭᠤᠷᠢᠭ ᠤᠨ ᠡᠯ᠎ᠡ | ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠨᠠᠰᠤᠲᠠᠶᠢᠴᠤᠳ ᠤᠨ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠠᠪᠤᠨ ᠥᠳᠡᠯᠪᠡᠯ | ᠪᠠᠶᠢᠬᠤ︾ ᠶᠢᠨ ᠬᠠᠷᠠᠯᠲᠠ ᠶᠣᠰᠣᠭᠠᠷ᠂ ᠬᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ | ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠭᠡ ᠰᠤᠪᠢᠯᠠᠯᠲᠠ ᠶᠢ | ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ | ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠵᠤ᠂ ᠮᠠᠨ ᠤ ᠲᠤᠭᠤᠷᠢᠭ ᠤᠨ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ᠃ | ᠬᠤᠷᠠᠯ ᠠᠴᠠ ᠮᠠᠨ ᠤ ᠲᠤᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠴᠠᠭ ᠬᠤᠭᠤᠴᠠᠭ᠎ᠠ ᠨᠢ ᠶᠠᠰᠤ ᠴᠢᠨᠠᠷ ᠢ ᠳᠠᠭᠠᠬᠤ︾ | ᠵᠠᠷᠴᠢᠮ ᠢ ᠴᠢᠩᠭ᠎ᠠ ᠵᠢᠷᠤᠮᠯᠠᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠠᠰᠠᠭᠤᠳᠠᠯ ᠢ ᠴᠡᠭᠴᠡᠯᠡᠨ ᠵᠠᠰᠠᠬᠤ ᠶᠢ ᠲᠦᠷᠭᠡᠳᠬᠡᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ︽ | ᠬᠤᠭᠤᠰᠣᠳᠠᠭᠤᠯᠬᠤ ᠥᠬᠡᠶ︾ ︽ᠪᠦᠬᠦᠨ ᠢ ᠲᠦᠢᠯᠪᠤᠷᠢᠲᠠᠶ ᠰᠢᠢᠳᠪᠦᠷᠢᠯᠡᠬᠦ︾ ᠶᠢ ᠦᠨᠡᠨ ᠬᠦ ᠪᠠᠲᠤᠯᠠᠵᠤ᠂ | ᠲᠤᠰᠬᠠᠶ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠶ ᠰᠢᠪᠲᠤᠯᠤᠯᠲᠠ ᠲᠠᠢ ᠪᠣᠯᠬᠤ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠦᠬᠦ ᠤᠯᠤᠰ ᠤᠨ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠴᠡᠭᠴᠡᠯᠡᠯᠲᠡ ᠶᠢᠨ ᠲᠧᠯᠸᠢᠰ ᠤᠲᠠᠰᠤ ᠬᠤᠷᠠᠯ ᠤᠨ | ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 4 ᠤᠳᠠᠭᠠᠨ ᠤ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ | ᠬᠤᠷᠢᠶᠠᠨ ᠤ ᠨᠠᠢᠮᠠᠳᠤᠭᠠᠷ ᠬᠤᠭᠤᠴᠠᠭᠠᠨ ᠤ 3 ᠤᠳᠠᠭᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠨᠢ | ᠮᠠᠨ ᠤ ᠲᠤᠭᠤᠷᠢᠭ ᠤᠨ ᠬᠤᠯᠪᠣᠭᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠮᠠᠨ ᠤ | ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ |