ᠤᠳᠠ ᠲᠤᠭᠤᠷᠢᠭ ᠪᠥᠬᠦ ᠬᠤᠲᠠ ᠶᠢᠨ ︽ᠳᠥᠷᠪᠡᠨ ᠨᠢᠭᠡᠳᠦᠭᠡᠷ︾ ᠢ ᠳᠠᠭᠠᠭᠤᠯᠤᠨ ᠭᠦᠶᠦᠵᠡᠶ
ᠨᠡᠶᠢᠲᠡᠯᠡᠭᠰᠡᠨ ᠴᠠᠭ᠄
2021/11/8
     2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠤᠳᠠ  ᠲᠤᠭᠤᠷᠢᠭ ᠤᠨ ᠬᠥᠭᠵᠢᠯᠲᠡ ᠶᠢᠨ ᠲᠡᠦᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠲᠤᠭᠤᠷᠢᠭ ᠢᠶᠠᠷ ᠢᠶᠠᠨ ᠬᠦᠴᠦᠯᠡᠨ ᠪᠠᠶᠢᠯᠳᠤᠵᠤ᠂ ᠪᠠᠶᠢᠳᠠᠯ ᠢ ᠰᠦᠷᠦᠨ ᠡᠷᠡᠯᠬᠡᠭᠯᠡᠨ ᠤᠷᠤᠭᠰᠢᠯᠠᠵᠤ᠂ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠲᠡᠪᠴᠢᠵᠦ᠂ ᠪᠤᠳᠤᠯᠢᠶᠠᠨᠲᠠᠢ ᠪᠠᠶᠢᠳᠠᠯ ᠪᠣᠯᠤᠨ ᠳᠠᠪᠬᠤᠴᠠᠭᠰᠠᠨ ᠥᠷᠢᠰᠥᠯᠳᠦᠭᠡᠨ ᠢ ᠬᠦᠴᠦᠲᠡᠢ ᠠᠷᠭᠠᠴᠠᠵᠤ᠂ ᠠᠵᠤ ᠠᠬᠤᠢ ᠶᠢᠨ ᠬᠥᠭᠵᠢᠯᠲᠡ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯ ᠨᠢ ᠶᠡᠭᠡ ᠳᠠᠶᠢᠯᠠᠯᠳᠤᠭᠠᠨ ᠤ ᠶᠡᠭᠡ ᠰᠢᠯᠭᠠᠯᠲᠠ ᠳᠤ ᠤᠷᠢᠳᠤ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ ᠴᠢᠳᠠᠵᠠᠢ᠃ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠤᠳᠠ ᠲᠣᠭᠤᠷᠢᠭ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ︽ᠳᠥᠷᠪᠡᠨ ᠨᠢᠭᠡᠳᠦᠭᠡᠷ︾ ᠤᠨ ᠬᠢᠯᠪᠠᠷ ᠪᠤᠰᠤ ᠠᠮᠵᠢᠯᠲᠠ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ ᠬᠦᠴᠦ ᠲᠠᠮᠢᠷ ᠢ ᠶᠡᠭᠡ ᠪᠠᠷ ᠳᠡᠭᠡᠭᠰᠢᠯᠡᠭᠦᠯᠦᠭᠰᠡᠨ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃
     ᠣᠶᠢᠷ᠎ᠠ ᠶᠢᠨ ᠵᠢᠯ ᠳᠤ᠂ ᠤᠳᠠ ᠲᠣᠭᠤᠷᠢᠭ ᠤᠨ ᠬᠢᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠬᠥᠲᠥᠴᠢ ᠪᠠᠷ ᠳᠠᠶᠢᠴᠢᠯᠠᠬᠤ᠂ ᠪᠦᠯᠦᠭᠯᠡᠨ ᠣᠷᠣᠭᠤᠯᠬᠤ᠂ ᠬᠡᠯᠬᠢᠶᠡᠵᠢᠭᠦᠯᠦᠨ ᠬᠥᠭᠵᠢᠭᠦᠯᠬᠦ ᠪᠠᠷ ᠭᠤᠤᠯ ᠠᠷᠭ᠎ᠠ ᠮᠠᠶ᠋ᠢᠭ ᠪᠣᠯᠭᠠᠵᠤ᠂ ᠠᠵᠤ  ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ ᠰᠢᠯᠢᠳᠡᠭᠵᠢᠭᠦᠯᠵᠦ᠂ ᠡᠮ ᠡᠮᠨᠡᠯᠭᠡ ᠶᠢᠨ ᠨᠠᠷᠢᠯᠢᠭ ᠬᠢᠮᠢ ᠶᠢᠨ ᠠᠵᠤ  ᠦᠢᠯᠡᠳᠪᠦᠷᠢ᠂ ᠣᠷᠭᠠᠨᠢᠭ ᠴᠠᠬᠢᠭᠤᠷ᠂ ᠵᠠᠳᠠᠷᠠᠵᠤ ᠪᠣᠯᠬᠤ ᠰᠦᠯᠢᠶᠣᠣ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠨᠢᠭᠡ ᠪᠦᠯᠦᠭ ᠢᠯᠡ ᠲᠣᠳᠣ ᠣᠨᠴᠠᠯᠢᠭ ᠲᠠᠢ ᠠᠵᠤ ᠦᠢᠯᠡᠰ ᠤᠨ ᠪᠦᠯᠦᠭᠯᠡᠯ ᠪᠠ ᠠᠵᠤ  ᠦᠢᠯᠡᠰ ᠤᠨ ᠰᠠᠭᠤᠷᠢᠨ ᠭᠠᠵᠠᠷ ᠢ ᠬᠥᠭᠵᠢᠭᠦᠯᠦᠨ ᠪᠦᠷᠢᠯᠳᠦᠭᠦᠯᠵᠦ᠂ ᠪᠥᠬᠦ ᠲᠤᠭᠤᠷᠢᠭ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠪᠠ᠃
     ᠬᠥᠬᠡᠮᠥ᠋ᠷᠡᠨ ᠤ ᠭᠤᠷᠪᠠᠯᠵᠢᠨ ᠬᠤᠶᠢᠭ᠂ ᠪᠦᠧᠧᠬᠠᠢ ᠲᠠᠩᠭᠢᠰ ᠤᠨ ᠪᠤᠯᠤᠩ ᠢ ᠲᠣᠭᠤᠷᠢᠭᠰᠠᠨ ᠣᠷᠣᠨ ᠪᠦᠰᠡ ᠂ ᠤᠳᠠ  ᠲᠣᠭᠤᠷᠢᠭ ᠤᠨ ᠠᠵᠤ ᠦᠢᠯᠡᠰ ᠤᠨ ᠬᠡᠯᠬᠢᠶ᠎ᠡ ᠶᠢᠨ ᠳᠤᠲᠠᠭᠳᠠᠯ᠂ ᠲᠡᠰ ᠳᠡᠪᠰᠢᠭᠦᠯᠬᠦ ᠲᠦᠷᠦᠯ ᠵᠦᠢᠯ ᠢᠯᠠᠩᠭᠤᠶ᠎ᠠ ᠪᠦᠬᠦᠯᠢ ᠴᠣᠭᠴᠠ ᠪᠠᠷ ᠨᠢ ᠰᠢᠯᠵᠢᠭᠦᠯᠬᠦ᠂ ᠬᠠᠮᠵᠢᠯᠴᠠᠨ ᠰᠢᠯᠵᠢᠭᠦᠯᠬᠦ ᠲᠦᠷᠦᠯ ᠵᠦᠢᠯ ᠢ ᠶᠡᠭᠡ ᠪᠠᠷ ᠣᠷᠣᠭᠤᠯᠤᠨ ᠠᠪᠴᠢᠷᠠᠬᠤ ᠪᠠᠷ ᠳᠠᠮᠵᠢᠭᠤᠯᠪᠠ᠃ ᠪᠦᠬᠦ ᠪᠥᠮᠪᠥᠷᠴᠡᠭ ᠤᠨ ᠠᠵᠢᠯ ᠲᠦᠷᠦᠯ ᠤᠨ ᠳᠣᠲᠣᠷᠠᠬᠢ ᠴᠤᠷ ᠤᠨ ᠭᠠᠭᠴᠠ BDO ᠠᠵᠢᠯ ᠲᠦᠷᠦᠯ ᠢᠶᠠᠷ ᠭᠤᠣᠯ ᠪᠣᠯᠭᠠᠭᠰᠠᠨ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠰᠡᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠤᠯᠤᠰ ᠤᠨ ᠬᠠᠮᠤᠭ ᠤᠨ ᠲᠤᠮᠤ ᠹᠯᠣᠷᠲᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠧᠵᠢᠶᠠᠩ ᠤᠨ ᠶᠦᠩ ᠲᠠᠢ ᠶᠢᠨ ︽ᠬᠠᠮᠲᠤᠷᠠᠯᠴᠠᠭᠠᠨ ᠤ ᠠᠵᠤ ᠠᠬᠤᠶ︾ ᠶᠢᠨ ᠲᠦᠷᠦᠯ ᠵᠦᠢᠯ᠂ ᠤᠯᠤᠰ ᠤᠨ ᠭᠠᠯ ᠪᠠᠮᠪᠠᠷ ᠤᠨ ᠲᠥᠯᠥᠪᠯᠡᠭᠡ ᠶᠢᠨ ᠭᠤᠣᠯᠳᠠᠯᠭ᠎ᠠ ᠲᠠᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠵᠧᠵᠢᠶᠠᠩ ᠤᠨ ᠶᠦᠩ ᠨᠢᠩ ᠤᠨ ᠡᠮ ᠡᠮᠨᠡᠯᠭᠡ ᠶᠢᠨ ᠤᠤᠯ ᠡᠮ ᠤᠨ ᠲᠦᠷᠦᠯ ᠵᠦᠢᠯ ᠵᠡᠷᠭᠡ 10 ᠲᠦᠷᠦᠯ ᠵᠦᠢᠯ ᠳᠤ ᠡᠷᠦᠬᠡ ᠠᠮᠠ ᠣᠷᠣᠬᠤ ᠶᠢ ᠲᠦᠯᠬᠢᠨ ᠠᠬᠢᠭᠤᠯᠤᠨ᠎ᠠ᠃ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠮᠥ ᠪᠦᠷᠢ ᠶᠢᠨ ᠳᠤᠮᠳᠠᠴᠢ ᠭᠠᠷᠤᠯᠲᠠ ᠨᠢ ᠮᠥ ᠪᠦᠷᠢ ᠳᠤ 610 ᠲᠦᠮᠡᠨ ᠲᠥᠭᠦᠷᠢᠭ ᠬᠦᠷᠴᠦ᠂ ᠵᠢᠱᠢᠯᠲᠡ ᠪᠠᠷ ᠮᠥ ᠪᠦᠷᠢ ᠶᠢᠨ ᠳᠤᠮᠳᠠᠴᠢ ᠣᠷᠣᠭᠤᠯᠤᠯᠲᠠ ᠭᠠᠷᠭᠠᠯᠲᠠ ᠶᠢᠨ ᠬᠠᠷᠢᠴᠠᠯ ᠨᠢ 1᠄ 3 ᠳᠤ ᠬᠦᠷᠴᠦ᠂ ᠣᠳᠣᠬᠠᠨ ᠤ ᠨᠢᠭᠡᠨᠲᠡ ᠪᠠᠶᠢᠭᠤᠯᠤᠭᠰᠠᠨ ᠠᠵᠤ ᠠᠬᠤᠶᠢᠯᠠᠯ ᠲᠠᠢ ᠬᠠᠷᠢᠴᠠᠭᠤᠯᠪᠠᠯ ᠳᠤᠮᠳᠠᠴᠢ ᠪᠠᠷ 40% ᠪᠠᠷ ᠳᠡᠭᠡᠭᠰᠢᠯᠡᠨ᠎ᠡ︔ ᠮᠥ ᠪᠦᠷᠢ ᠶᠢᠨ ᠭᠠᠶᠢᠯᠢ ᠲᠤᠰᠢᠶᠠᠬᠤ ᠳᠤᠮᠳᠠᠴᠢ ᠬᠡᠮᠵᠢᠶ᠎ᠡ ᠨᠢ ᠮᠥ ᠪᠦᠷᠢ ᠳᠡᠭᠡᠨ 30 ᠲᠦᠮᠡᠨ ᠲᠥᠭᠦᠷᠢᠭ ᠪᠠᠶᠢᠵᠤ᠂ ᠣᠳᠣᠬᠠᠨ ᠤ ᠨᠢᠭᠡᠨᠲᠡ ᠪᠠᠶᠢᠭᠤᠯᠤᠭᠰᠠᠨ ᠠᠵᠤ ᠠᠬᠤᠶᠢᠯᠠᠯ ᠲᠠᠢ ᠬᠠᠷᠢᠴᠠᠭᠤᠯᠪᠠᠯ ᠳᠤᠮᠳᠠᠴᠢ ᠪᠠᠷ 100% ᠪᠠᠷ ᠳᠡᠭᠡᠭᠰᠢᠯᠡᠪᠡ᠃
     ᠡᠭᠦᠨ ᠤ ᠵᠡᠷᠭᠡᠪᠡᠷ᠂ ᠤᠳᠠ ᠲᠣᠭᠤᠷᠢᠭ ᠤᠨ ᠬᠢᠨ ᠮᠡᠳᠡᠭᠡ ᠵᠠᠩᠭᠢᠵᠢᠯᠲᠠ ᠶᠢᠨ ᠪᠦᠬᠦ ᠣᠷᠣᠨ ᠪᠦᠰᠡ ᠶᠢᠨ ᠴᠢᠳᠠᠪᠬᠢ ᠶᠢ ᠣᠯᠭᠤᠬᠤ ᠦᠢᠯᠡᠳᠦᠯ ᠢ ᠬᠦᠴᠦᠯᠡᠨ ᠪᠠᠳᠠᠷᠠᠭᠤᠯᠵᠤ᠂ ᠠᠵᠤ ᠦᠢᠯᠡᠰ ᠤᠨ ᠮᠡᠳᠡᠭᠡ ᠵᠠᠩᠭᠢᠵᠢᠯᠲᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠪᠠ᠃ ᠤᠷᠢᠳ ᠬᠤᠵᠢᠳ ᠠᠯᠢ ᠶᠦᠨ ᠹᠸᠢ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠣᠶᠤᠨᠴᠢ ᠦᠢᠯᠡᠳᠬᠦ ᠦᠢᠯᠡᠴᠢᠯᠡᠭᠡᠨ ᠤ ᠲᠠᠪᠴᠠᠩ᠂ ᠪᠠᠷᠠᠭᠤᠨ ᠬᠤᠶᠢᠲᠤ ᠶᠢᠨ ᠬᠢᠮᠢ ᠶᠢᠨ ᠲᠣᠣᠷ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ ᠲᠢᠶᠠᠨᠵᠢᠨ ᠤ ᠬᠠᠢ ᠢ ᠲᠦᠩ ᠪᠠᠷᠠᠭᠠᠨ ᠤ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠲᠠᠪᠴᠠᠩ ᠢ ᠣᠷᠣᠭᠤᠯᠤᠨ ᠠᠪᠴᠢᠷᠠᠵᠠᠢ ᠃ ᠹᠧᠢ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢᠶᠠᠷ ᠣᠶᠤᠨ ᠤᠬᠠᠭᠠᠨ ᠬᠦᠴᠦᠨ ᠴᠢᠳᠠᠯ ᠣᠯᠭᠤᠵᠤ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ︽ᠤᠳᠠ ᠳᠤ ᠰᠠᠭᠤᠷᠢᠯᠠᠬᠤ︾ ᠥᠪᠥᠷ ᠮᠣᠩᠭᠤᠯ ᠤᠨ ᠠᠩᠬᠠᠳᠠᠭᠴᠢ 5G + ᠠᠵᠤ  ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠲᠣᠰ ᠭᠠᠵᠠᠷ ᠤᠨ ᠮᠡᠷᠭᠡᠵᠢᠯ ᠤᠨ ᠴᠢᠳᠠᠪᠤᠷᠢᠲᠠᠨ ᠤ ᠡᠵᠡᠩᠨᠡᠯᠲᠡ ᠶᠢᠨ ᠪᠦᠯᠬᠦᠮ ᠲᠠᠢ ᠤᠶᠠᠯᠳᠤᠭᠤᠯᠤᠨ ᠂ ᠤᠳᠠ ᠲᠤᠭᠤᠷᠢᠭ ᠲᠤ ᠥᠨᠳᠥᠷ ᠦᠨ᠎ᠡ ᠥᠷᠲᠡᠭ ᠲᠠᠢ ᠠᠵᠤ  ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠡᠷᠡᠭᠯᠡᠭᠡᠨ ᠤ ᠰᠢᠢᠳᠪᠦᠷᠢᠯᠡᠬᠦ ᠲᠥᠰᠦᠯ ᠪᠠ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠤᠳᠠ ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠣᠳᠣᠬᠠᠨ ᠳᠤ ᠹᠸᠢ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠣᠶᠤᠨᠴᠢ  ᠦᠢᠯᠡᠳᠬᠦ ᠦᠢᠯᠡᠴᠢᠯᠡᠭᠡᠨ ᠤ ᠲᠠᠪᠴᠠᠩ ᠨᠢᠭᠡᠨᠲᠡ 30 ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃
     ᠵᠠᠯᠭᠠᠭᠠᠳ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠰᠠᠶᠢᠲᠤᠷ ᠡᠬᠢᠯᠡᠭᠦᠯᠬᠦ ᠶᠢ ᠠᠬᠢᠭᠤᠯᠬᠤ ᠪᠠᠷ ᠭᠤᠣᠯᠳᠠᠭᠤᠯᠵᠤ ᠬᠠᠷᠠᠯᠲᠠ ᠪᠠᠨ ᠰᠠᠶᠢᠲᠤᠷ ᠡᠬᠢᠯᠡᠭᠦᠯᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠢ ᠭᠦᠨᠵᠡᠭᠡᠢ ᠠᠳᠬᠤᠵᠤ᠂ ᠪᠣᠳᠠᠲᠠᠢ ᠬᠢᠵᠦ ᠂ 2022 ᠣᠨ ᠤ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠦᠷᠭᠡᠨ ᠲᠥᠯᠥᠪᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠢ ᠬᠠᠮᠢᠶᠠᠷᠤᠨ ᠡᠵᠡᠮᠳᠡᠬᠦ᠂ ᠬᠤᠳᠠ ᠶᠢ ᠰᠢᠨᠡᠳᠬᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ  ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号