ᠤᠳᠠ ᠵᠠᠰᠠᠭ ᠠᠯᠪᠠᠨ ᠲᠠᠷᠬᠠᠭᠠᠭᠰᠠᠨ ﹇2021﹈ 18 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ︽ᠤᠳᠠ ᠲᠣᠭᠤᠷᠢᠭ ᠤᠨ ᠠᠵᠤ ᠦᠢᠯᠡᠰ ᠢᠶᠠᠷ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠲᠤᠬᠠᠶ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | 2021 ᠣᠨ ᠤ 4 ᠰᠠᠷ᠎ᠠ ᠶᠢᠨ 29 | ᠤᠳᠠ ᠲᠣᠭᠤᠷᠢᠭ ᠤᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠬᠡᠷᠡᠭᠵᠢᠭᠦᠯᠬᠦ ᠲᠥᠰᠦᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠲᠡᠳᠬᠦᠨ ᠳᠡᠮᠵᠢᠭᠰᠡᠨ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠤᠰᠠᠳᠠ᠂ ᠤᠳᠠ ᠲᠣᠭᠤᠷᠢᠭ ᠪᠣᠳᠠᠲᠠᠶ ᠲᠠᠢ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠢᠯᠵᠢᠯᠲᠡ ᠶᠢᠨ ᠬᠤᠭᠤᠴᠠᠭᠠᠨ ᠳᠤ ︽ᠳᠥᠷᠪᠡ ᠶᠢ ᠥᠯᠥ | ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠤᠯ ᠤᠨ ᠪᠠᠶᠢᠭᠰᠠᠨ ᠠᠵᠤ ᠦᠢᠯᠡᠰ ᠤᠨ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠠᠵᠤ | ᠦᠢᠯᠡᠰ ᠤᠨ ᠲᠡᠳᠬᠦᠨ ᠳᠡᠮᠵᠢᠬᠦ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠨ᠂ ︽ᠴᠢᠰᠤ ᠶᠡᠭᠦᠯᠡᠬᠦ︾ ᠪᠠ ︽ | ᠴᠢᠰᠤ ᠪᠦᠲᠦᠭᠡᠬᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠩ ᠤᠨ ᠦᠢᠯᠡᠳᠪᠦᠷᠢᠯᠡᠯ ᠢ | ᠶᠡᠬᠡᠪᠡᠷ ᠲᠡᠳᠬᠦᠨ ᠳᠡᠮᠵᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ | ᠨᠡᠮᠡᠭᠳᠡᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠵᠣᠷᠢᠯᠭ᠎ᠠ ᠳᠤ ᠬᠦᠷᠦᠭᠦᠯᠦᠨ᠎ᠡ᠃ | ᠬᠤᠶᠠᠷ᠂ ᠲᠦᠷᠦ ᠶᠢᠨ ᠪᠤᠳᠤᠯᠭ᠎ᠠ ᠶᠢᠨ ᠨᠥᠬᠦᠪᠥᠷᠢ ᠶᠢᠨ ᠠᠭᠤᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ | ︵ᠨᠢᠭᠡ︶ ᠨᠥᠬᠦᠪᠥᠷᠢ ᠥᠭᠬᠦ ᠬᠡᠪᠴᠢᠶ᠎ᠡ ᠬᠢᠭᠡᠳ ᠪᠠᠷᠢᠮᠵᠢᠶ᠎ᠠ | 1.ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠨᠥᠬᠦᠪᠥᠷᠢ᠃ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠬᠢᠷᠢ ᠬᠡᠮ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ | ᠳᠡᠯᠭᠡᠭᠦᠷ ᠠᠴᠠ ᠬᠤᠳᠠᠯᠳᠤᠨ ᠠᠪᠤᠭᠰᠠᠨ ᠲᠠᠷᠢᠶᠠᠨ ᠡᠮ᠂ ᠦᠷ᠎ᠡ᠂ ᠬᠢᠮᠢ ᠶᠢᠨ ᠪᠣᠷᠲᠣᠭᠤᠷ᠂ ᠵᠢᠵᠢᠭ ᠬᠡᠯᠪᠡᠷᠢ ᠶᠢᠨ | ᠲᠠᠷᠢᠶᠠᠯᠠᠩ ᠤᠨ ᠮᠠᠰᠢᠨ ᠪᠠᠭᠠᠵᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠶ | ᠮᠠᠲ᠋ᠧᠷᠢᠶᠠᠯ ᠳᠤ ᠬᠤᠳᠠᠯᠳᠤᠨ ᠠᠪᠤᠭᠰᠠᠨ ᠦᠨ᠎ᠡ ᠶᠢᠨ ᠶᠡᠷᠦᠩᠬᠡᠶ ᠦᠨ᠎ᠡ ᠶᠢᠨ 30% ᠳᠤ ᠨᠥᠬᠦᠪᠥᠷᠢ ᠥᠭᠭᠦᠨ᠎ᠡ᠃ | | 2.ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠨᠥᠬᠦᠪᠥᠷᠢ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ | ᠡᠷᠳᠡᠨᠢ ᠰᠢᠰᠢ᠂ ᠪᠤᠭᠤᠳᠠᠶ᠂ ᠢᠳᠡᠰᠢᠨ ᠨᠣᠭᠤᠭ᠎ᠠ᠂ ᠭᠤᠸ᠎ᠠ ᠵᠢᠮᠢᠰ᠂ ᠭᠠᠭ᠋ᠠᠶ᠂ ᠦᠬᠡᠷ᠂ ᠬᠤᠨᠢ ᠢᠮᠠᠭ᠎ᠠ᠂ ᠲᠠᠬᠢᠶ᠎ᠠ | ᠂ ᠲᠠᠬᠢᠶᠠᠨ ᠥᠨᠳᠡᠭᠡ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠪᠣᠷᠣᠯᠠᠭᠤᠯᠬᠤ ᠦᠨ᠎ᠡ ᠶᠢᠨ | ᠶᠡᠷᠦᠩᠬᠡᠶ ᠦᠨ᠎ᠡ ᠶᠢᠨ 30% ᠳᠤ ᠨᠥᠬᠦᠪᠥᠷᠢ ᠥᠭᠭᠦᠨ᠎ᠡ᠃ | ᠳᠡᠭᠡᠷᠡᠬᠢ 2 ᠵᠦᠢᠯ ᠤᠨ ᠨᠥᠬᠦᠪᠥᠷᠢ ᠶᠢᠨ ᠡᠷᠦᠬᠡ ᠪᠦᠷᠢ ᠶᠢᠨ ᠵᠢᠯ ᠪᠦᠷᠢ ᠶᠢᠨ ᠨᠥᠬᠦᠪᠥᠷᠢ ᠶᠢ 1000 | ᠲᠥᠭᠦᠷᠢᠭ ᠠᠴᠠ ᠬᠡᠲᠦᠷᠡᠭᠦᠯᠬᠦ ᠥᠬᠡᠶ᠃ | 3. ᠮᠠᠯ ᠵᠢᠭᠦᠷᠲᠡᠨ ᠢ ᠬᠤᠳᠠᠯᠳᠤᠨ ᠠᠪᠤᠭᠰᠠᠨ ᠨᠥᠬᠦᠪᠥᠷᠢ ︵ᠲᠡᠵᠢᠭᠡᠨ ᠦᠷᠡᠵᠢᠭᠦᠯᠬᠦ ᠨᠥᠬᠦᠴᠡᠯ ᠢ | ᠪᠦᠷᠢᠯᠳᠦᠭᠦᠯᠦᠭᠰᠡᠨ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠳᠤ᠂ ᠪᠠᠶᠢᠭ᠎ᠠ ᠨᠡᠶᠢᠭᠡᠮ ᠲᠣᠭᠤᠷᠢᠭ᠂ ᠪᠠᠯᠭᠠᠰᠤ | ︵ᠠᠯᠪᠠᠨ ᠬᠡᠷ︶ ᠶᠢᠨ ᠵᠥᠪᠰᠢᠶᠡᠷᠡᠯ ᠢᠶᠠᠷ ᠭᠠᠵᠠᠷ ᠣᠷᠣᠨ ᠤ ᠲᠡᠵᠢᠭᠡᠨ ᠦᠷᠡᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ | ᠮᠠᠯ ᠵᠢᠭᠦᠷᠲᠡᠨ ᠢ ᠬᠤᠳᠠᠯᠳᠤᠨ ᠠᠪᠴᠤ ᠲᠡᠵᠢᠭᠡᠨ ᠦᠷᠡᠵᠢᠭᠦᠯᠪᠡᠯ᠂ ᠡᠷᠦᠬᠡ ᠪᠦᠷᠢ ᠳᠤ ᠵᠢᠯ ᠪᠦᠷᠢ ᠬᠤᠳᠠᠯᠳᠤᠨ | ᠠᠪᠤᠭᠰᠠᠨ ᠶᠡᠷᠦᠩᠬᠡᠶ ᠦᠨ᠎ᠡ ᠶᠢᠨ 40% ᠶᠢᠨ ᠨᠥᠬᠦᠪᠥᠷᠢ ᠥᠭᠴᠦ᠂ ᠵᠢᠯ ᠪᠦᠷᠢ ᠶᠢᠨ ᠨᠥᠬᠦᠪᠥᠷᠢ ᠮᠥᠩᠭᠦ ᠶᠢᠨ | ᠵᠣᠭᠤᠰ ᠤᠨ ᠲᠤᠭ᠎ᠠ ᠶᠢ 3000 ᠲᠥᠭᠦᠷᠢᠭ ᠠᠴᠠ ᠬᠡᠲᠦᠷᠡᠭᠦᠯᠬᠦ ᠥᠬᠡᠶ︶᠃ | ︵ᠬᠤᠶᠠᠷ︶ ᠮᠡᠳᠡᠭᠦᠯᠦᠭᠰᠡᠨ ᠮᠠᠲ᠋ᠧᠷᠢᠶᠡᠯ | 1. ᠶᠠᠳᠠᠭᠤ ᠠᠴᠠ ᠠᠩᠭᠢᠵᠢᠷᠠᠭᠤᠯᠬᠤ ᠡᠷᠦᠬᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ | ᠠᠪᠬᠤ ᠨᠥᠬᠦᠪᠥᠷᠢ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠨᠥᠬᠦᠪᠥᠷᠢ ᠭᠤᠶᠤᠴᠢᠯᠠᠬᠤ ᠳᠤ ︽ | ᠠᠵᠤ ᠦᠢᠯᠡᠰ ᠢ ᠲᠡᠳᠬᠦᠨ ᠳᠡᠮᠵᠢᠬᠦ ᠨᠥᠬᠦᠪᠥᠷᠢ ᠭᠤᠶᠤᠴᠢᠯᠠᠬᠤ ᠬᠦᠰᠦᠨᠦᠭᠲᠦ︾᠂ ᠪᠡᠶ᠎ᠡ ᠶᠢᠨ ᠦᠨᠡᠮᠯᠡᠯ᠂ | ᠪᠦᠬᠦᠨ ᠳᠤ ᠲᠤᠬᠢᠷᠠᠬᠤ ᠺᠠᠷᠲ ᠤᠨ ᠪᠠᠭᠤᠯᠭᠠᠪᠤᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ | ᠠᠪᠤᠭᠰᠠᠨ ᠭᠡᠷᠡᠴᠢ ᠪᠠᠷᠢᠮᠲᠠ ᠪᠤᠶᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠭᠡᠷᠡᠴᠢ ᠪᠠᠷᠢᠮᠲᠠ ︵ | ᠭᠠᠷᠳᠠᠮ᠂ ᠪᠠᠷᠢᠮᠲᠠ᠂ ᠭᠡᠷ᠎ᠡ ᠵᠡᠷᠭᠡ ᠬᠦᠴᠦᠨ ᠪᠦᠬᠦᠢ ᠭᠡᠷᠡᠴᠢ ᠪᠠᠷᠢᠮᠲᠠ︶ ᠶᠢ ᠬᠠᠩᠭᠠᠬᠤ ᠬᠡᠷᠡᠭᠲᠡᠶ᠃ | 2. ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠮᠠᠯ ᠵᠢᠭᠦᠷᠲᠡᠨ ᠢ ᠬᠤᠳᠠᠯᠳᠤᠨ ᠠᠪᠬᠤ ᠨᠥᠬᠦᠪᠥᠷᠢ | ᠭᠤᠶᠤᠴᠢᠯᠠᠬᠤ ᠳᠤ᠂ ︽ᠠᠵᠤ ᠦᠢᠯᠡᠰ ᠤᠨ ᠲᠡᠳᠬᠦᠨ ᠳᠡᠮᠵᠢᠬᠦ ᠨᠥᠬᠦᠪᠥᠷᠢ ᠭᠤᠶᠤᠴᠢᠯᠠᠬᠤ ᠬᠦᠰᠦᠨᠦᠭᠲᠦ︾᠂ | ᠪᠡᠶ᠎ᠡ ᠶᠢᠨ ᠦᠨᠡᠮᠯᠡᠯ᠂ ᠪᠦᠬᠦᠨ ᠳᠤ ᠳᠣᠭᠢᠷᠠᠬᠤ ᠺᠠᠷᠲ ᠤᠨ ᠬᠠᠭᠤᠯᠪᠤᠷᠢ᠂ ᠮᠠᠯ ᠵᠢᠭᠦᠷᠲᠡᠨ ᠢ ᠬᠤᠳᠠᠯᠳᠤᠨ ᠠᠪᠤᠭᠰᠠᠨ | ᠭᠡᠷᠡᠴᠢ ᠪᠠᠷᠢᠮᠲᠠ ︵ᠭᠠᠷᠳᠠᠮ᠂ ᠪᠠᠷᠢᠮᠲᠠ᠂ ᠭᠡᠷ᠎ᠡ ᠵᠡᠷᠭᠡ ᠬᠦᠴᠦᠨ ᠪᠥᠬᠦᠶ ᠭᠡᠷᠡᠴᠢ ᠪᠠᠷᠢᠮᠲᠠ︶ ᠶᠢ ᠬᠠᠩᠭᠠᠬᠤ | ᠬᠡᠷᠡᠭᠲᠡᠶ᠃ | ︵ᠭᠤᠷᠪᠠ︶ ᠮᠡᠳᠡᠭᠦᠯᠬᠦ ᠳᠡᠰ ᠳᠠᠷᠠᠭᠠᠯᠠᠯ | 1. ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠣᠷᠣᠭᠤᠯᠬᠤ ᠶᠢᠨ ᠨᠥᠬᠦᠪᠥᠷᠢ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠨᠥᠬᠦᠪᠥᠷᠢ ᠭᠤᠶᠤᠴᠢᠯᠠᠬᠤ ᠪᠠᠷ ᠭᠤᠶᠤᠴᠢᠯᠠᠭᠰᠠᠨ | ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠪᠠᠶᠢᠭ᠎ᠠ ᠨᠡᠶᠢᠭᠡᠮ ᠲᠣᠭᠤᠷᠢᠭ ᠲᠠᠭᠠᠨ ᠭᠤᠶᠤᠴᠢᠯᠠᠯ ᠭᠠᠷᠭᠠᠵᠤ᠂ ︽ | ᠠᠵᠤ ᠦᠢᠯᠡᠰ ᠤᠨ ᠲᠡᠳᠬᠦᠮᠵᠢ ᠶᠢᠨ ᠨᠥᠬᠦᠪᠥᠷᠢ ᠭᠤᠶᠤᠴᠢᠯᠠᠬᠤ ᠬᠦᠰᠦᠨᠦᠭᠲᠦ︾ ᠶᠢ ᠲᠠᠭᠯᠠᠵᠤ᠂ ᠡᠯ᠎ᠡ ᠨᠡᠶᠢᠭᠡᠮ | ᠲᠣᠭᠤᠷᠢᠭ ᠠᠴᠠ ᠮᠠᠲ᠋ᠧᠷᠢᠶᠠᠯ ᠢ ᠬᠤᠷᠢᠶᠠᠩᠭᠤᠶᠢᠯᠠᠭᠰᠠᠨ ᠤ ᠳᠠᠷᠠᠭ᠎ᠠ ᠪᠠᠯᠭᠠᠰᠤ ︵ᠠᠯᠪᠠᠨ ᠬᠡᠷ︶ ᠳᠤ ᠮᠡᠳᠡᠭᠦᠯᠵᠦ᠂ | ᠪᠠᠯᠭᠠᠰᠤ ︵ᠠᠯᠪᠠᠨ ᠬᠡᠷ︶ ᠠᠴᠠ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠵᠠᠷᠯᠠᠨ ᠨᠡᠶᠢᠲᠡᠯᠡᠵᠦ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠪᠦᠬᠦᠨ ᠳᠤ ᠳᠣᠭᠢᠷᠠᠬᠤ ᠺᠠᠷᠲ ᠢᠶᠠᠷ | ᠣᠯᠭᠤᠨ᠎ᠠ᠃ | 2. ᠮᠠᠯ ᠵᠢᠭᠦᠷᠲᠡᠨ ᠢ ᠬᠤᠳᠠᠯᠳᠤᠨ ᠣᠷᠣᠭᠤᠯᠬᠤ ᠨᠥᠬᠦᠪᠥᠷᠢ ᠶᠢ ᠭᠤᠶᠤᠴᠢᠯᠠᠭᠰᠠᠨ ᠶᠠᠳᠠᠭᠤ ᠠᠴᠠ ᠠᠩᠭᠢᠵᠢᠷᠠᠭᠤᠯᠬᠤ | ᠡᠷᠦᠬᠡ ᠵᠢᠯ ᠪᠦᠷᠢ ᠶᠢᠨ 9 ᠰᠠᠷ᠎ᠠ ᠠᠴᠠ ᠡᠬᠢᠯᠡᠨ ᠪᠠᠶᠢᠭ᠎ᠠ ᠨᠡᠶᠢᠭᠡᠮ ᠲᠣᠭᠤᠷᠢᠭ ᠲᠠᠭᠠᠨ ᠭᠤᠶᠤᠴᠢᠯᠠᠯ ᠭᠠᠷᠭᠠᠵᠤ᠂ ︽ | ᠠᠵᠤ ᠦᠢᠯᠡᠰ ᠤᠨ ᠲᠡᠳᠬᠦᠮᠵᠢ ᠶᠢᠨ ᠨᠥᠬᠦᠪᠥᠷᠢ ᠭᠤᠶᠤᠴᠢᠯᠠᠬᠤ ᠬᠦᠰᠦᠨᠦᠭᠲᠦ︾ ᠶᠢ ᠲᠠᠭᠯᠠᠵᠤ᠂ ᠡᠯ᠎ᠡ ᠨᠡᠶᠢᠭᠡᠮ | ᠲᠣᠭᠤᠷᠢᠭ ᠠᠴᠠ ᠮᠠᠲ᠋ᠧᠷᠢᠶᠠᠯ ᠢᠶᠠᠨ ᠬᠤᠷᠢᠶᠠᠩᠭᠤᠶᠢᠯᠠᠭᠰᠠᠨ ᠤ ᠳᠠᠷᠠᠭ᠎ᠠ ᠡᠯ᠎ᠡ ᠪᠠᠯᠭᠠᠰᠤ ︵ᠠᠯᠪᠠᠨ ᠬᠡᠷ︶ ᠳᠤ | ᠮᠡᠳᠡᠭᠦᠯᠵᠦ᠂ ᠪᠠᠯᠭᠠᠰᠤ ︵ᠠᠯᠪᠠᠨ ᠬᠡᠷ︶ ᠠᠴᠠ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠵᠠᠷᠯᠠᠨ ᠨᠡᠶᠢᠲᠡᠯᠡᠵᠦ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠪᠦᠬᠦᠨ ᠳᠤ ᠳᠣᠭᠢᠷᠠᠬᠤ ᠺᠠᠷᠲ ᠢᠶᠠᠷ | ᠳᠠᠮᠵᠢᠭᠤᠯᠤᠨ ᠣᠯᠭᠤᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠤ ᠦᠢᠯᠡᠰ ᠢᠶᠠᠷ | ᠲᠡᠳᠬᠦᠬᠦ ᠠᠵᠢᠯ ᠤᠨ ᠵᠢᠯᠣᠭᠤᠳᠣᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨᠬᠦ ᠴᠢᠩᠭᠠᠳᠬᠠᠵᠤ᠂ | ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂ ᠠᠵᠤ ᠦᠢᠯᠡᠰ ᠢᠶᠠᠷ ᠲᠡᠳᠬᠦᠬᠦ ᠠᠵᠢᠯ ᠤᠨ ᠳᠤᠮᠳᠠᠬᠢ | ᠴᠢᠬᠤᠯᠠ ᠶᠡᠭᠡ ᠵᠦᠢᠯᠡᠰ ᠢ ᠢᠳᠡᠪᠬᠢᠲᠡᠶ ᠪᠠᠷ ᠵᠣᠬᠢᠴᠠᠭᠤᠯᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠠᠵᠤ ᠦᠢᠯᠡᠰ ᠢᠶᠠᠷ ᠲᠡᠳᠬᠦᠬᠦ ᠠᠵᠢᠯ ᠤᠨ ᠡᠮᠬᠢ ᠵᠢᠷᠤᠮ ᠲᠠᠢ ᠪᠥᠭᠡᠳ | ᠪᠦᠲᠦᠮᠵᠢᠲᠡᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠬᠢ ᠪᠠᠶᠠᠯᠢᠭ ᠢ ᠵᠣᠬᠢᠴᠠᠭᠤᠯᠤᠨ | ᠨᠡᠶᠢᠳᠬᠡᠵᠦ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠠᠵᠤ ᠦᠢᠯᠡᠰ ᠢ ᠲᠡᠳᠬᠦᠬᠦ ᠠᠵᠢᠯ ᠢ ᠰᠠᠶᠢᠲᠤᠷ ᠬᠢᠵᠦ᠂ | ᠡᠯ᠎ᠡ ᠨᠡᠶᠢᠭᠡᠮ ᠲᠣᠭᠤᠷᠢᠭ ᠨᠢ ᠲᠤᠰᠬᠠᠶ ᠬᠥᠮᠦᠨ ᠢ ᠵᠣᠬᠢᠶᠠᠨ ᠪᠠᠶᠢᠭᠤᠯᠤᠨ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠢ | ᠴᠤᠭᠯᠠᠭᠤᠯᠬᠤ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ | ᠬᠠᠪᠰᠤᠷᠤᠨ ᠭᠤᠶᠤᠴᠢᠯᠠᠯ ᠢ ᠳᠥᠭᠦᠮ ᠳᠥᠲᠡ ᠲᠦᠷᠭᠡᠨ ᠪᠡᠶᠡᠯᠡᠭᠦᠯᠵᠦ᠂ ᠪᠠᠯᠭᠠᠰᠤ ︵ᠠᠯᠪᠠᠨ ᠬᠡᠷ︶ ᠶᠢᠨ ᠭᠤᠤᠯ | ᠬᠠᠷᠢᠭᠤᠴᠠᠯᠭᠠᠲᠠᠨ ᠨᠢ ᠭᠤᠤᠯᠳᠠᠯᠭ᠎ᠠ ᠶᠢ ᠡᠵᠡᠮᠳᠡᠨ᠂ ᠪᠡᠶ᠎ᠡ ᠪᠠᠷ ᠢᠶᠠᠨ ᠬᠢᠨᠠᠨ ᠬᠠᠷᠭᠤᠭᠤᠯᠵᠤ ᠳᠣᠭᠢᠷᠠᠭᠤᠯᠵᠤ᠂ | ᠲᠥᠷᠥ ᠶᠢᠨ ᠪᠣᠳᠣᠯᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠳᠡᠪᠬᠢᠲᠡᠶ ᠬᠠᠮᠵᠢᠯᠴᠠᠵᠤ᠂ ᠠᠵᠤ | ᠦᠢᠯᠡᠰ ᠢᠶᠠᠷ ᠲᠡᠳᠬᠦᠬᠦ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ | ︵ᠭᠤᠷᠪᠠ︶ ᠮᠥᠷᠳᠡᠨ ᠦᠢᠯᠡᠴᠢᠯᠡᠬᠦ ᠶᠢ ᠴᠢᠩᠭᠠᠷᠠᠭᠤᠯᠤᠨ᠎ᠠ᠃ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠶ ᠤᠰᠤᠨ ᠤ ᠶᠠᠪᠤᠳᠠᠯ ᠤᠨ ᠲᠣᠪᠴᠢᠶ᠎ᠠ ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠤ ᠦᠢᠯᠡᠰ ᠢ | ᠲᠡᠳᠬᠦᠬᠦ ᠠᠵᠢᠯ ᠢ ᠰᠢᠮᠳᠠᠭᠤᠯᠤᠨ ᠵᠢᠯᠣᠭᠤᠳᠴᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ ᠮᠥᠷᠳᠡᠵᠦ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠴᠠᠭ ᠲᠤᠬᠠᠶ ᠳᠤᠨᠢ ᠵᠢᠯᠣᠭᠤᠳᠴᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ | ᠵᠢᠱᠢᠭᠰᠡᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ | ᠳᠡᠭᠡᠷᠡᠬᠢ ᠲᠥᠷᠥ ᠶᠢᠨ ᠪᠣᠳᠣᠯᠭ᠎ᠠ ᠶᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ | ᠬᠦᠴᠦᠨ ᠥᠬᠡᠶ ᠪᠣᠯᠭᠠᠵᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ᠠᠴᠠ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠠᠷᠢᠭᠤᠴᠠᠨ᠎ᠠ᠃ | |