ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ | ᠲᠤᠭᠤᠷᠢᠭ ᠤᠨ ᠵᠠᠰᠠᠭ ᠤᠨ ᠣᠷᠳᠣᠨ ᠤ ᠤᠲᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠦᠨᠳᠦᠰᠦᠨ ᠬᠠᠤᠯᠢ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠳᠤ ᠲᠣᠭᠤᠷᠢᠭ ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠨᠢ ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠵᠢᠯᠯᠠᠨ᠎ᠠ᠃ ᠰᠤᠳᠤᠯᠬᠤ ᠪᠠᠷ | ᠳᠠᠮᠵᠢᠭᠠᠳ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠢ ᠳᠣᠣᠷᠠᠬᠢ ᠮᠡᠲᠦ ᠪᠠᠷ | ᠬᠤᠪᠢᠶᠠᠷᠢᠯᠠᠶᠠ᠄ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠣᠷᠣᠯᠠᠭᠴᠢ ᠳᠠᠷᠤᠭ᠎ᠠ ᠯᠢᠦ ᠬᠤ᠋ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ | ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠲᠢᠶᠠᠨ | ᠶᠦᠩ ᠰᠢᠶᠠᠩ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ | ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠳ᠋ ᠤᠨ ᠵᠠᠰᠠᠭ | ᠭᠠᠶᠢᠯᠢ ᠶᠢᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ︵ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠬᠡᠷ︶᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ | ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠬᠡᠷ︶᠂ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠪ ᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠳᠠᠷᠤᠭ᠎ᠠ ᠶᠢ ᠬᠠᠪᠰᠤᠷᠤᠨ | ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠨᠠᠮ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠲᠤᠭᠤᠷᠢᠭ ᠤᠨ ᠨᠠᠮ ᠤᠨ ᠬᠤᠷᠢᠶ᠎ᠠ ᠶᠢᠨ | ᠨᠠᠮ ᠤᠨ ᠰᠤᠷᠭᠠᠭᠤᠯᠢ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠤᠳᠠ ᠲᠣᠭᠤᠷᠢᠭ ᠤᠨ ᠬᠤᠷᠢᠶ᠎ᠠ᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ | ᠠᠷᠠᠳᠴᠢᠯᠠᠭᠰᠠᠨ ᠨᠠᠮ ᠪᠦᠯᠦᠭ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠡᠤ | ᠪᠢᠩ ᠶᠦᠨ ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶ᠂ ᠰᠢᠨᠵᠢᠯᠡᠬᠦ ᠤᠬᠠᠭᠠᠨ | ᠮᠡᠷᠭᠡᠵᠢᠯ ᠤᠨ ᠲᠤᠭ᠎ᠠ ᠪᠦᠷᠢᠳᠬᠡᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠬᠤᠳᠠᠯᠳᠤᠭᠠᠴᠢᠨ | ᠤᠷᠢᠬᠤ ᠬᠤᠳᠠᠯᠳᠤᠭᠠᠨ ᠤ ᠶᠠᠪᠤᠳᠠᠯ᠂ ᠴᠠᠬᠢᠯᠭᠠᠨ ᠬᠦᠴᠦᠨ᠂ ᠡᠨᠧᠷᠭᠢ᠂ ᠠᠮᠢ ᠠᠬᠤᠶ ᠶᠢᠨ ᠣᠷᠴᠢᠨ ᠲᠣᠭᠤᠷᠢᠨ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ | ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ | ᠲᠣᠭᠤᠷᠢᠭ ᠤᠨ ᠡᠨᠧᠷᠭᠢ ᠶᠢᠨ ᠲᠣᠪᠴᠢᠶ᠎ᠠ᠂ ᠤᠳᠠ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ | ᠵᠥᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠤᠪᠢᠳᠠᠨ | ᠬᠠᠮᠢᠶᠠᠷᠤᠨ᠎ᠠ᠃ | ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠤᠭᠤᠷᠢᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠤᠭᠤᠷᠢᠭ ᠤᠨ ᠠᠷᠠᠯᠵᠢᠶ᠎ᠠ ᠶᠢ ᠠᠬᠢᠭᠤᠯᠬᠤ ᠬᠤᠷᠠᠯ᠂ ᠲᠤᠭᠤᠷᠢᠭ ᠤᠨ ᠠᠮᠢ | ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ︵ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠥᠪᠯᠡᠯ ᠤᠨ | ᠠᠯᠪᠠᠨ ᠭᠡᠷ︶᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠠᠭᠤᠷᠬᠠᠶ ᠶᠢᠨ ᠡᠬᠢ ᠪᠠᠶᠠᠯᠢᠭ ᠤᠨ | ᠲᠠᠯ᠎ᠠ ᠪᠠᠷ︶ ᠤᠳᠠ ᠶᠢᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠂ ᠤᠳᠠ ᠶᠢᠨ ᠠᠭᠤᠷᠬᠠᠢ ᠶᠢᠨ | ᠴᠠᠬᠢᠯᠭᠠᠨ ᠤ ᠬᠤᠪᠢᠶᠠᠷᠢ ᠲᠣᠪᠴᠢᠶ᠎ᠠ ᠂ ᠦᠬᠠᠢ ᠶᠢᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠲᠤᠮᠤ | ᠬᠡᠷᠡᠭᠯᠡᠭᠴᠢ ᠶᠢᠨ ᠲᠣᠪᠴᠢᠶ᠎ᠠ ᠂ ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ︵ | ᠡᠵᠡᠩᠨᠡᠨ ᠪᠣᠷᠣᠯᠠᠭᠤᠯᠬᠤ ᠬᠡᠯᠲᠡᠰ︶᠂ ᠲᠣᠭᠤᠷᠢᠭ ᠤᠨ ᠳᠠᠪᠤᠰᠤᠨ ᠤ ᠦᠢᠯᠡᠰ ᠤᠨ ᠬᠤᠪᠢᠶᠠᠷᠢ ᠺᠣᠮᠫᠠᠨᠢ᠂ | ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠰᠢᠦᠳᠠᠨ ᠤ ᠶᠠᠪᠤᠳᠠᠯ ᠤᠨ ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ | ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠤᠳᠠ ᠶᠢᠨ ᠬᠤᠪᠢᠶᠠᠷᠢ | ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠤᠳᠠ ᠶᠢᠨ ᠡᠵᠡᠩᠨᠡᠯᠲᠡ ᠶᠢᠨ ᠬᠡᠯᠲᠡᠰ ᠲᠠᠢ | ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠶᠦᠨ ᠽᠧ ᠷᠧᠨ ᠦ᠋ ᠪᠢᠩ ᠶᠦᠨ ᠨᠥᠬᠦᠷ ᠢ ᠬᠠᠪᠰᠤᠷᠤᠨ ᠠᠵᠢᠯ ᠢ ᠨᠢ | ᠥᠷᠨᠢᠭᠦᠯᠵᠡᠢ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠴᠧᠨ ᠢ ᠲᠣᠭᠤᠷᠢᠭ ᠤᠨ ᠳᠠᠷᠤᠭ᠎ᠠ ᠶᠢ ᠬᠠᠪᠰᠤᠷᠤᠨ ᠡᠮ ᠡᠮᠨᠡᠯᠭᠡ ᠶᠢᠨ | ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠭᠲᠠᠨ᠎ᠠ︶ ᠶᠢ ᠬᠤᠪᠢᠳᠠᠨ ᠬᠠᠮᠢᠶᠠᠷᠴᠤ᠂ ᠯᠢᠦ | ᠮᠧᠩ ᠨᠥᠬᠦᠷ ᠢ ᠬᠠᠮᠵᠢᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ | ᠥᠷᠨᠢᠭᠦᠯᠦᠨ᠎ᠡ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠵᠤᠤ ᠬᠠᠶ ᠪᠦᠸᠧ ᠲᠣᠭᠤᠷᠢᠭ ᠤᠨ ᠳᠠᠷᠤᠭ᠎ᠠ ᠶᠢ ᠬᠠᠮᠵᠢᠨ ᠬᠤᠳᠠ ᠶᠢᠨ | ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠤᠶᠤᠨᠲᠤ ᠬᠤᠳᠠ ᠶᠢᠨ ᠪᠦᠳᠦᠭᠡᠨ | ᠪᠠᠶᠢᠭᠤᠯᠤᠯᠲᠠ᠂ ᠵᠠᠮ ᠲᠡᠭᠡᠭᠡᠪᠦᠷᠢ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠲᠥᠯᠥᠪᠵᠢᠭᠦᠯᠭᠡ᠂ ᠭᠠᠵᠠᠷ ᠰᠢᠷᠣᠶ᠂ | ᠤᠢ ᠰᠢᠭᠤᠶ ᠡᠪᠡᠰᠦ ᠪᠡᠯᠴᠢᠭᠡᠷ᠂ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠲᠣᠭᠤᠷᠢᠭ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠭᠠᠵᠠᠷ ᠰᠢᠷᠣᠶ ᠬᠤᠳᠠᠯᠳᠤᠨ | ᠠᠪᠴᠤ ᠨᠥᠭᠡᠴᠡᠯᠡᠬᠦ ᠲᠥᠪ᠂ ᠦᠬᠠᠶ ᠬᠤᠲᠠ ᠶᠢᠨ ᠬᠤᠲᠠ ᠶᠢᠨ ᠬᠥᠭᠵᠢᠭᠦᠯᠦᠯᠲᠡ ᠪᠠᠯᠠ ᠲᠣᠬᠢᠷᠠᠭᠤᠯᠭ᠎ᠠ ᠶᠢᠨ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠤᠳᠠ ᠲᠣᠭᠤᠷᠢᠭ ᠤᠨ ᠢᠯᠴᠢ ᠶᠢᠨ | ᠬᠦᠴᠦᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠤᠳᠠ ᠲᠣᠭᠤᠷᠢᠭ ᠤᠨ ᠤᠰᠤᠨ ᠤ | ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠲᠠᠢ ᠬᠠᠷᠢᠯᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠲᠥᠯᠥᠪᠵᠢᠭᠦᠯᠭᠡ᠂ ᠭᠠᠵᠠᠷ ᠰᠢᠷᠣᠶ᠂ ᠣᠶ | ᠰᠢᠭᠤᠶ ᠡᠪᠡᠰᠦ ᠪᠡᠯᠴᠢᠭᠡᠷ ᠤᠨ ᠲᠠᠯ᠎ᠠ︶᠂ ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠠ ᠶᠢᠨ ᠶᠡᠭᠡ ᠠᠩᠭᠢ᠂ | ᠤᠳᠠ ᠶᠢᠨ ᠵᠠᠰᠠᠮᠠᠯ ᠵᠠᠮ ᠤᠨ ᠬᠡᠰᠡᠭ᠂ ᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠷᠢ ᠺᠣᠮᠫᠠᠨᠢ᠂ | ᠦᠬᠠᠶ ᠶᠢᠨ ᠪᠠᠷᠠᠭᠤᠨ ᠥᠷᠲᠡᠭᠡ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠡᠦ ᠸᠧᠨ ᠵᠢᠶᠧ ᠲᠣᠭᠤᠷᠢᠭ ᠤᠨ ᠳᠠᠷᠤᠭ᠎ᠠ ᠶᠢ ᠬᠠᠪᠰᠤᠷᠤᠨ | ᠦᠨᠳᠦᠰᠦᠲᠡᠨ ᠤ ᠬᠡᠷᠡᠭ ᠶᠠᠪᠤᠳᠠᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠪᠠ᠃ | ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ | ᠲᠤᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠴᠤ᠂ ᠡᠤ | ᠪᠢᠩ ᠶᠦᠨ ᠨᠥᠬᠦᠷ ᠢ ᠬᠠᠪᠰᠤᠷᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠥᠷᠨᠢᠭᠦᠯᠦᠨ᠎ᠡ᠃ | ᠮᠥᠩᠭᠦᠨ ᠭᠦᠢᠯᠭᠡᠭᠡ ᠪᠠ ᠳᠠᠭᠠᠳᠬᠠᠯ ᠤᠨ ᠪᠠᠶᠢᠭᠤᠯᠤᠮᠵᠢ ᠨᠤᠭᠤᠳ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢ ᠵᠢᠶᠠᠨ ᠮᠢᠩ ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ | ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ᠂ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢ | ᠬᠤᠪᠢᠳᠠᠨ ᠬᠠᠮᠢᠶᠠᠷᠴᠤ᠂ ᠲᠢᠶᠠᠨ ᠶᠦᠩ ᠰᠢᠶᠠᠩ ᠨᠥᠬᠦᠷ ᠢ ᠬᠠᠮᠵᠢᠨ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ | ᠪᠠᠶᠢᠯᠭᠠᠬᠤ ᠠᠵᠢᠯ ᠢ ᠥᠷᠨᠢᠭᠦᠯᠦᠨ᠎ᠡ᠃ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ | ᠤᠳᠠ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠨᠠᠷᠠᠨ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ | ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠮᠧᠩ ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠤᠰᠤᠨ ᠤ | ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ | ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠲᠠᠷᠢᠶᠠᠯᠠᠩ ᠮᠠᠯ | ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ | ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ | ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠲᠤᠭᠤᠷᠢᠭ ᠤᠨ ᠣᠲᠣ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ | ᠤᠯᠠᠭᠠᠨᠨᠠᠭᠤᠷ ᠪᠠᠯᠭᠠᠰᠤ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠲᠣᠭᠤᠷᠢᠭ ᠤᠨ | ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠦᠬᠠᠶ ᠬᠤᠲᠠ ᠶᠢᠨ ᠷᠠᠳᠢᠣ᠋ ᠲᠧᠯᠸᠢᠰ ᠤᠨ | ᠲᠣᠪᠴᠢᠶ᠎ᠠ ᠶᠢᠨ ᠤᠳᠠ ᠶᠢᠨ ᠠᠵᠢᠯ ᠤᠨ ᠥᠷᠲᠡᠭᠡ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶ᠎ᠡ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠳᠠ ᠶᠢᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ | ︾ ᠵᠡᠷᠭᠡ ᠬᠠᠮᠢᠶ᠎ᠠ ᠪᠥᠬᠦᠶ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠪᠠᠶᠢᠭᠤᠯᠤᠯ ᠤᠨ ᠥᠭᠡᠷᠡᠴᠢᠯᠡᠯᠲᠡ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ᠂ ᠳᠡᠭᠡᠳᠦ ᠱᠠᠲᠤᠨ ᠤ ᠪᠠᠯᠠ ᠮᠥᠩᠭᠦ ᠶᠢ ᠲᠡᠮᠡᠴᠡᠨ ᠤᠯᠬᠤ ᠲᠥᠷᠥᠯ ᠵᠦᠢᠯ ᠵᠡᠷᠭᠡ | ᠲᠠᠯ᠎ᠠ ᠶᠢᠨ ᠠᠵᠢᠯ ᠳᠤ ᠬᠤᠯᠪᠣᠭᠳᠠᠪᠠᠯ᠂ ᠬᠤᠪᠢᠳᠠᠨ ᠬᠠᠮᠢᠶᠠᠷᠴᠤ ᠪᠥᠬᠦᠶ ᠲᠣᠭᠤᠷᠢᠭ ᠤᠨ ᠳᠡᠳ᠋ ᠳᠠᠷᠤᠭ᠎ᠠ | ᠬᠠᠷᠢᠭᠤᠴᠠᠨ ᠲᠦᠷᠦᠭᠦᠯᠡᠬᠦ ᠠᠴᠠ ᠭᠠᠳᠠᠨ᠎ᠠ᠂ ᠪᠤᠰᠤᠳ ᠲᠣᠭᠤᠷᠢᠭ ᠤᠨ ᠳᠡᠳ᠋ ᠳᠠᠷᠤᠭ᠎ᠠ ᠴᠥᠮ ᠲᠣᠰ ᠲᠣᠰ ᠤᠨ | ᠬᠤᠪᠢᠳᠠᠨ ᠬᠠᠮᠢᠶᠠᠷᠴᠤ ᠪᠥᠬᠦᠶ ᠬᠦᠷᠢᠶᠡᠨ ᠳᠠᠬᠢ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠵᠣᠬᠢᠴᠠᠩᠭᠤᠶ | ᠪᠥᠭᠡᠳ ᠡᠮᠬᠢ ᠵᠢᠷᠤᠮ ᠲᠠᠢ᠂ ᠵᠠᠪᠰᠠᠷ ᠥᠬᠡᠶ ᠵᠣᠯᠭᠠᠭᠤᠯᠬᠤ᠂ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠬᠦᠨ ᠨᠡᠷ | ᠬᠤᠭᠤᠷᠣᠨᠳᠣ ᠪᠠᠨ AB ᠳᠦᠷᠢ ᠶᠢᠨ ᠠᠵᠢᠯ ᠤᠨ ᠲᠦᠷᠢᠮ ᠢ ᠬᠡᠷᠡᠭᠵᠢᠭᠦᠯᠦᠨ᠎ᠡ᠄ ᠲᠢᠶᠠᠨ ᠶᠦᠩ ᠰᠢᠶᠠᠩ ᠪᠣᠯᠤᠨ | ᠡᠤ ᠪᠢᠩ ᠶᠦᠨ᠂ ᠴᠧᠨ ᠢ ᠪᠣᠯᠤᠨ ᠡᠤ ᠸᠧᠨ ᠵᠢᠶᠧ᠂ ᠵᠣᠣ ᠬᠠᠶ ᠪᠥᠸᠧ ᠪᠣᠯᠤᠨ ᠯᠢᠦ ᠮᠧᠩ᠂ ᠯᠢ ᠵᠢᠶᠠᠨ ᠮᠢᠩ | ᠪᠣᠯᠤᠨ ᠯᠢᠦ ᠨᠠᠷᠠᠨ ᠬᠠᠷᠢᠯᠴᠠᠨ AB ᠳᠦᠷᠢ ᠶᠢᠨ ᠠᠵᠢᠯ ᠤᠨ ᠲᠦᠷᠢᠮ ᠢ ᠬᠡᠷᠡᠭᠵᠢᠭᠦᠯᠦᠨ᠎ᠡ᠃ ᠬᠠᠷᠢᠯᠴᠠᠨ AB | ᠳᠦᠷᠢ ᠪᠣᠯᠬᠤ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠪᠠᠶᠢᠷᠢ ᠨᠥᠬᠦᠪᠥᠷᠢᠯᠡᠬᠦ | ᠬᠤᠭᠤᠴᠠᠭᠠᠨ ᠳᠤ᠂ ᠳᠡᠭᠡᠳᠦ ᠳᠣᠤᠷᠠᠳᠤ ᠱᠠᠲᠤᠨ ᠤ ᠢᠷᠡᠭᠦᠯᠦᠭᠰᠡᠨ ᠪᠢᠴᠢᠭ ᠮᠠᠲ᠋ᠧᠷᠢᠶᠠᠯ᠂ ᠠᠯᠪᠠᠨ ᠪᠢᠴᠢᠭ | ᠲᠠᠷᠬᠠᠭᠠᠬᠤ ᠵᠡᠷᠭᠡ ᠠᠯᠪᠠᠨ ᠪᠢᠴᠢᠭ ᠤᠨ ᠬᠡᠷᠡᠭ ᠶᠠᠪᠤᠳᠠᠯ ᠢ ᠣᠷᠣᠯᠠᠨ ᠭᠦᠢᠴᠡᠳᠭᠡᠨ᠎ᠡ᠃ ᠡᠯ᠎ᠡ ᠲᠥᠷᠥᠯ ᠤᠨ | ᠬᠤᠷᠠᠯ ᠳᠤ ᠣᠷᠣᠯᠴᠠᠬᠤ ᠪᠤᠶᠤ ᠬᠤᠷᠠᠯᠳᠤᠵᠤ᠂ ᠳᠡᠭᠡᠳᠦ ᠱᠠᠲᠤᠨ ᠤ ᠪᠠᠶᠢᠴᠠᠭᠠᠨ ᠵᠢᠯᠣᠭᠤᠳᠬᠤ ᠪᠤᠶᠤ ᠣᠷᠣᠨ ᠠᠴᠠ | ᠢᠷᠡᠭᠰᠡᠨ ᠵᠣᠴᠢᠳ ᠢ ᠭᠥᠯᠢᠶᠡᠨ ᠠᠪᠴᠤ ᠲᠣᠭᠤᠷᠢᠨ ᠦᠵᠡᠭᠦᠯᠵᠦ ᠪᠠᠶᠢᠴᠠᠭᠠᠨ᠎ᠠ︔ ᠡᠳᠦᠷ ᠲᠤᠲᠤᠮ ᠤᠨ ᠬᠤᠪᠢᠳᠠᠨ | ᠬᠠᠮᠢᠶᠠᠷᠴᠤ ᠪᠠᠶᠢᠭ᠎ᠠ ᠵᠢᠴᠢ ᠲᠤᠰᠬᠠᠶ ᠵᠦᠢᠯ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢ ᠣᠷᠣᠯᠠᠨ | ᠭᠦᠢᠴᠡᠳᠭᠡᠨ᠎ᠡ᠂ ᠪᠤᠰᠤᠳ ᠲᠦᠷ ᠴᠠᠭ ᠤᠨ ᠠᠯᠪᠠᠨ ᠶᠠᠪᠤᠳᠠᠯ ᠵᠢᠴᠢ ᠭᠡᠨᠡᠳᠲᠡ ᠶᠢᠨ ᠬᠡᠷᠡᠭ ᠢ ᠣᠷᠣᠯᠠᠨ | ᠰᠢᠢᠳᠪᠦᠷᠢᠯᠡᠨ᠎ᠡ᠃ ᠬᠠᠷᠢᠯᠴᠠᠨ AB ᠳᠦᠷᠢ ᠪᠣᠯᠬᠤ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ | ᠪᠦᠷᠢᠯᠳᠦᠬᠦᠨ ᠨᠢ ᠬᠠᠷᠢᠯᠴᠠᠨ ᠣᠷᠣᠯᠠᠵᠤ ᠳᠡᠶᠢᠯᠬᠦ ᠥᠬᠡᠶ ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠠᠴᠠ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠪᠤᠰᠤᠳ ᠲᠣᠭᠤᠷᠢᠭ ᠤᠨ ᠵᠠᠰᠠᠭ ᠤᠨ ᠣᠷᠳᠣᠨ ᠤ | ᠤᠳᠤᠷᠢᠳᠬᠤ ᠪᠦᠷᠢᠯᠳᠦᠬᠦᠨ ᠤ ᠡᠭᠦᠷᠭᠡ ᠲᠤᠰᠢᠶᠠᠯ ᠢᠶᠠᠨ ᠣᠷᠣᠯᠠᠨ ᠭᠦᠢᠴᠡᠳᠭᠡᠬᠦ ᠶᠢ ᠵᠣᠬᠢᠴᠠᠭᠤᠯᠤᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠡᠯ᠎ᠡ ᠲᠤᠰᠬᠠᠶ ᠤᠳᠤᠷᠢᠳᠬᠤ ᠪᠠᠶᠢᠭᠤᠯᠤᠮᠵᠢ ᠶᠢᠨ | ᠤᠳᠤᠷᠢᠳᠬᠤ ᠲᠤᠰᠢᠶᠠᠯ ᠢ ᠡᠭᠦᠷᠭᠡᠯᠡᠪᠡᠰᠦ ᠵᠣᠬᠢᠬᠤ ᠪᠦᠬᠦᠨ ᠢ ᠴᠥᠮ ᠲᠤᠰ ᠠᠵᠢᠯ ᠤᠨ ᠬᠤᠪᠢᠶᠠᠷᠢᠯᠠᠯ ᠢᠶᠠᠷ | ᠥᠪᠡᠷᠰᠡᠳ ᠢᠶᠠᠨ ᠲᠣᠬᠢᠷᠠᠭᠤᠯᠤᠨ᠎ᠠ᠂ ᠠᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ |