ᠤᠳᠠ ᠲᠣᠭᠤᠷᠢᠭ ᠤᠨ 2021 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/3
     12 ᠳ᠋ᠤᠭᠠᠷ ᠰᠠᠷ᠎ᠠ ᠶᠢᠨ 2 ᠤᠨ ᠡᠳᠦᠷ᠂ ᠤᠳᠠ ᠲᠣᠭᠤᠷᠢᠭ ᠤᠨ 2021 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠠᠮᠲᠤᠷᠠᠭᠰᠠᠨ ᠬᠤᠷᠠᠯ ᠬᠤᠷᠠᠯᠳᠤᠵᠤ᠂ ᠪᠥᠬᠦ ᠲᠤᠭᠤᠷᠢᠭ ᠤᠨ ᠡᠯ᠎ᠡ ᠣᠶᠤᠨ ᠤ ᠪᠣᠯᠪᠠᠰᠤᠨ ᠤ ᠵᠥᠪᠯᠡᠯ ᠤᠨ ᠪᠦᠷᠢᠯᠳᠦᠬᠦᠨ ᠨᠢᠭᠡᠴᠡ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠠᠴᠠ ︽ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︿ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠲᠤᠬᠠᠢ ᠰᠠᠨᠠᠯ﹀ ᠤᠨ ᠮᠡᠳᠡᠭᠳᠡᠯ︾ ᠤᠨ ᠪᠢᠴᠢᠭ ᠮᠠᠲ᠋ᠧᠷᠢᠶᠡᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠭᠦᠨ ᠤ ᠬᠠᠮᠲᠤ ︽ᠤᠳᠠ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ︾ ᠢ ᠲᠣᠳᠣᠷᠬᠠᠶᠢᠯᠠᠨ ᠲᠠᠶᠢᠯᠪᠤᠷᠢᠯᠠᠬᠤ ᠪᠠ ᠰᠠᠨᠠᠯ ᠬᠤᠷᠢᠶᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号