ᠤᠳᠠ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/21
     4 ᠰᠠᠷ᠎ᠠ ᠶᠢᠨ 20 ᠤ ᠡᠳᠦᠷ᠂ ᠤᠳᠠ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶ᠎ᠡ ᠶᠢᠨ ᠱᠦᠵᠢ᠂ ᠲᠣᠭᠤᠷᠢᠭ ᠤᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠠᠨ ᠯᠢ ᠫᠢᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠣᠭᠤᠷᠢᠭ ᠤᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠯᠪᠠᠨ ᠭᠡᠷ ᠤᠨ ᠪᠦᠷᠢᠯᠳᠦᠬᠦᠨ ᠵᠢᠴᠢ ᠪᠠᠯᠭᠠᠰᠤ᠂ ᠵᠡᠭᠡᠯᠢ ᠭᠤᠳᠤᠮᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠬᠤᠷᠠᠯ ᠳᠤ ᠣᠷᠣᠯᠴᠠᠪᠠ᠃
     ᠬᠤᠷᠠᠯ ᠠᠴᠠ ᠲᠥᠪ ᠤᠨ ᠳᠥᠷᠪᠡᠳᠦᠭᠡᠷ ᠱᠠᠯᠠᠪᠳᠠᠭᠤᠯᠤ᠋‍ᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠤ ᠬᠥᠬᠡᠬᠤᠲᠠ ᠶᠢᠨ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠪᠦᠬᠦ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ᠂ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ ᠲᠥᠪ ᠤᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠠᠶᠢᠮᠠᠭ ᠬᠤᠲᠠ ᠳᠤ ᠪᠠᠭᠤᠵᠤ ᠮᠠᠨ ᠤ ᠲᠤᠭᠤᠷᠢᠭ ᠤᠨ ᠠᠵᠢᠯ ᠤᠨ ᠪᠡᠯᠡᠳᠬᠡᠯ ᠢ ᠰᠢᠮᠳᠠᠭᠤᠯᠤᠨ ᠵᠢᠯᠣᠭᠤᠳᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠲᠠᠷᠠᠭᠠᠴᠢ ᠶᠢᠨ ᠱᠠᠲᠤᠨ ᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠤ ᠬᠥᠬᠡᠬᠤᠲᠠ ᠶᠢᠨ ᠬᠢᠨᠠᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠭᠤᠣᠯ ᠤᠳᠤᠷᠢᠳᠤᠯᠭ᠎ᠠ ᠵᠢᠴᠢ ᠪᠦᠬᠦ ᠺᠠᠳ᠋ᠷ ᠴᠠᠭᠳᠠᠭ᠎ᠠ ᠨᠠᠷ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠤᠯᠠᠨ ᠢ ᠲᠦᠢᠪᠡᠭᠡᠭᠰᠡᠳ ᠢ ᠠᠷᠢᠯᠭᠠᠬᠤ᠂ ᠬᠡᠮ ᠠᠷᠬᠠᠭ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠯᠲᠠ ᠳᠠᠮᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠭᠤᠣᠯᠳᠠᠯᠭ᠎ᠠ ᠪᠣᠯᠭᠠᠨ ᠭᠦᠨᠵᠡᠭᠡᠢ ᠶᠠᠷᠢᠯᠴᠠᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠪᠦᠬᠦᠨ ᠢ ᠪᠦᠷᠬᠦᠬᠦᠯᠵᠦ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ︽ᠡᠷᠬᠢᠨ ᠬᠠᠷᠠᠬᠤ︾ ᠠᠵᠢᠯ ᠢ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠠᠰᠠᠭᠤᠳᠠᠯ ᠢ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠠᠵᠢᠯ ᠤᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠠᠵᠢᠯ ᠢᠶᠠᠨ ᠣᠨᠣᠪᠴᠢᠲᠠᠶ ᠨᠠᠶᠢᠳᠠᠪᠤᠷᠢᠵᠢᠭᠤᠯᠤᠨ᠂ ᠺᠠᠳ᠋ᠷ ᠴᠠᠭᠳᠠᠭ᠎ᠠ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠦᠢᠯᠡᠴᠢᠯᠡᠭᠡᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠲᠥᠪ ᠠᠴᠠ ᠳᠣᠷᠣᠭᠰᠢ ᠪᠠᠭᠤᠵᠤ ᠬᠢᠨᠠᠨ ᠵᠢᠯᠣᠭᠤᠳᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠢᠨ ︽ᠥᠪᠡᠷᠲᠡᠭᠡᠨ ᠪᠠᠶᠢᠴᠠᠭᠠᠬᠤ ᠶᠢ ᠠᠭᠤᠴᠢᠯᠠᠨ ᠰᠢᠳᠬᠡᠬᠦ᠂ ᠪᠠᠶᠢᠴᠠᠭᠠᠭᠳᠠᠬᠤ ᠶᠢ ᠴᠢᠩᠭ᠎ᠠ ᠰᠢᠳᠬᠡᠬᠦ︾ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠨᠢᠨ ᠳᠡᠭᠡᠷ᠎ᠡ ᠨᠢ ᠡᠵᠡᠮᠳᠡᠵᠦ᠂ ᠭᠤᠣᠯᠳᠠᠯᠭ᠎ᠠ ᠲᠠᠢ ︽ᠲᠤᠯᠤᠭᠠᠨ ᠶᠡᠭᠡ ᠠᠷᠬᠠᠭ ᠭᠡᠮ︾ ᠢ ᠴᠡᠭᠴᠡᠯᠡᠨ ᠵᠠᠰᠠᠬᠤ ᠪᠠᠷ ᠭᠤᠣᠯᠳᠠᠭᠤᠯᠵᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠡᠷᠡᠭᠡᠯᠵᠡᠯ ᠢ ᠠᠷᠢᠯᠭᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠺᠠᠳ᠋ᠷ ᠴᠠᠭᠳᠠᠭ᠎ᠠ ᠶᠢ ᠬᠦᠳᠦᠯᠦᠨ ᠵᠢᠯᠣᠭᠤᠳᠬᠤ ᠪᠠ ᠬᠠᠪᠰᠤᠷᠴᠤ ᠪᠠᠶᠢᠭᠠᠳ ᠬᠤᠪᠢ ᠬᠥᠮᠦᠨ ᠤ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠠᠰᠠᠭᠤᠳᠠᠯ ᠢ ᠭᠦᠨᠵᠡᠭᠡᠢ ᠪᠠᠶᠢᠴᠠᠭᠠᠵᠤ ᠪᠣᠳᠠᠲᠠᠢ ᠪᠠᠶᠢᠴᠠᠭᠠᠵᠤ ᠨᠡᠪᠲᠡᠷᠡᠲᠡᠯ᠎ᠡ ᠪᠠᠶᠢᠴᠠᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠡᠷᠡᠭ ᠤᠨ ᠰᠦᠪᠡᠭᠴᠢ ᠶᠢ ᠰᠢᠢᠳᠪᠦᠷᠢᠯᠡᠬᠦ ᠶᠢ ᠲᠦᠷᠭᠡᠳᠬᠡᠵᠦ᠂ ᠬᠠᠷᠭᠤᠭᠤᠯᠤᠨ ᠪᠠᠶᠢᠴᠠᠭᠠᠬᠤ ᠶᠠᠰᠤ ᠴᠢᠨᠠᠷ ᠢ ᠦᠨᠡᠨ ᠬᠦ ᠪᠠᠲᠤᠯᠠᠵᠤ᠂ ᠰᠢᠢᠳᠪᠦᠷᠢᠯᠡᠬᠦ ᠴᠠᠭ ᠤᠨ ᠬᠢᠵᠠᠭᠠᠷ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠪᠡᠶᠡᠯᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠪᠠᠶᠢᠳᠠᠯ ᠢ ᠳᠡᠭᠡᠭᠰᠢ ᠮᠡᠳᠡᠭᠦᠯᠬᠦ ᠬᠡᠷᠡᠭᠲᠡᠶ᠃ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠳᠤ ᠴᠢᠭᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠨ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠵᠦ᠂ ᠬᠡᠷᠡᠭ ᠳᠠᠷᠠᠭᠠᠯᠠᠨ ᠰᠤᠳᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠠᠬᠢᠭᠤᠯᠵᠤ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠢᠯᠭᠠᠷᠠᠭᠤᠯᠤᠨ ᠪᠠᠶᠢᠴᠠᠭᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠤᠨ ᠮᠡᠳᠡᠭᠡᠯᠡᠬᠦ ᠲᠥᠰᠦᠯ ᠤᠨ ᠡᠯ᠎ᠡ ᠵᠦᠢᠯ ᠤᠨ ᠱᠠᠭᠠᠷᠳᠠᠯᠭ᠎ᠠ ᠶᠣᠰᠣᠭᠠᠷ᠂ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠡᠷᠡᠭ ᠤᠨ ᠵᠢᠱᠢᠶ᠎ᠡ ᠶᠢᠨ ᠮᠡᠳᠡᠭᠡᠯᠡᠯ ᠢ ᠪᠣᠯᠭᠤᠮᠵᠢᠲᠠᠶ ᠡᠵᠡᠮᠰᠢᠵᠦ᠂ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠯᠠᠪᠳᠠᠭᠤᠨ ᠪᠠᠲᠤᠲᠠᠶ ᠵᠢᠯᠣᠭᠤᠳᠤᠨ ᠡᠵᠡᠮᠳᠡᠬᠦ ᠬᠡᠷᠡᠭᠲᠡᠶ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号