ᠤᠳᠠ ᠲᠣᠭᠤᠷᠢᠭ ᠪᠦᠬᠦ ᠲᠤᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ  ᠵᠤᠬᠢᠴᠠᠭᠤᠯᠬᠤ ᠤᠳᠤᠷᠢᠳᠬᠤ ᠳᠤᠭᠤᠶᠢᠯᠠᠩ ᠵᠢᠴᠢ ᠪᠦᠬᠦ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠪᠦᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/21
    4 ᠳ᠋ᠦᠭᠡᠷ ᠰᠠᠷ᠎ᠠ ᠶᠢᠨ 19 ᠤ ᠡᠳᠦᠷ᠂ ᠤᠳᠠ ᠲᠣᠭᠤᠷᠢᠭ ᠪᠥᠬᠦ ᠲᠤᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠤᠬᠢᠴᠠᠭᠤᠯᠬᠤ ᠤᠳᠤᠷᠢᠳᠬᠤ ᠳᠤᠭᠤᠶᠢᠯᠠᠩ ᠵᠢᠴᠢ ᠪᠥᠬᠦ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠯᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠢᠶᠠ ᡁᠢ ᠭᠥᠸᠧ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠸᠧᠨ ᠵᠢᠶᠧ ᠬᠤᠷᠠᠯ ᠳᠤ ᠣᠷᠣᠯᠴᠠᠵᠠᠶ᠃
     ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠤᠯᠠᠮᠵᠢᠯᠠᠨ ᠰᠤᠷᠤᠯᠴᠠᠵᠤ᠂ ᠲᠣᠭᠤᠷᠢᠭ ᠤᠨ ᠳᠡᠳ᠋ ᠳᠠᠷᠤᠭ᠎ᠠ ᠦ᠋ ᠸᠧᠨ ᠵᠢᠶ᠋ᠸ᠋ 2021 ᠣᠨ ᠤ ᠦᠨᠳᠦᠰᠦᠲᠡᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠬᠤᠶᠠᠷ ᠲᠤ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠠᠵᠢᠯ ᠤᠨ ᠳᠦᠷᠢᠮᠵᠢᠭᠦᠯᠦᠯᠲᠡ ᠪᠠ ᠬᠠᠤᠯᠢᠵᠢᠭᠤᠯᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠨᠳᠦᠰᠦᠲᠡᠨ ᠤ ᠠᠵᠢᠯ ᠤᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠢᠮᠠᠭᠲᠠ ︽ᠬᠤᠶᠠᠷ ᠢ ᠬᠠᠮᠠᠭᠠᠯᠠᠬᠤ︾ ᠤᠯᠤᠰ ᠲᠥᠷᠥ ᠶᠢᠨ ᠥᠨᠳᠦᠷᠴᠡ ᠳᠤ ᠵᠣᠭᠰᠣᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠳᠡᠭᠡᠳᠦ  ᠬᠡᠮᠵᠢᠶ᠎ᠡ ᠪᠠᠷ ᠬᠠᠷᠢᠭᠤᠴᠠᠬᠤ ᠠᠵᠢᠯ ᠤᠨ ᠣᠪᠣᠷ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠠᠷᠭ᠎ᠠ  ᠬᠡᠮᠵᠢᠶ᠎ᠡ ᠪᠠᠷ ᠰᠢᠨ᠎ᠡ ᠴᠠᠭ ᠦᠶ᠎ᠡ ᠶᠢᠨ ᠡᠯ᠎ᠡ ᠵᠦᠢᠯ ᠤᠨ ᠦᠨᠳᠦᠰᠦᠲᠡᠨ ᠤ ᠠᠵᠢᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ᠂ ᠬᠦᠴᠦ ᠣᠷᠣᠭᠤᠯᠤᠨ ᠰᠠᠶᠢᠲᠤᠷ ᠬᠢᠵᠦ᠂ ᠤᠳᠠ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠲᠡᠨ ᠤ ᠬᠦᠴᠦᠨ ᠢ ᠴᠢᠷᠮᠠᠶᠢᠨ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠤᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠵᠤᠬᠢᠴᠠᠭᠤᠯᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠪᠣᠯᠤᠨ ᠪᠦᠬᠦ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号