ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠬᠠᠶ ᠬᠤᠲᠠ ᠶᠢᠨ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠤᠬᠠᠭᠤᠯᠬᠤ ᠶᠢᠨ ᠲᠥᠯᠥᠭᠡ᠂ ᠰᠣᠬᠠᠶᠢᠲᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠵᠢᠯᠣᠭᠤᠳᠬᠤ ᠳᠤᠭᠤᠶᠢᠯᠠᠩ ᠵᠢᠴᠢ ᠳᠡᠭᠡᠳᠦ ᠱᠠᠲᠤᠨ ᠤ ᠵᠢᠯᠣᠭᠤᠳᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ | ᠭᠦᠨᠵᠡᠭᠡᠢ ᠥᠷᠨᠢᠭᠦᠯᠬᠦ ᠶᠢ ᠴᠢᠨᠠᠭᠰᠢᠳᠠ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠤᠯᠤᠰ | ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢ ᠬᠥᠭᠵᠢᠭᠡᠵᠦ᠂ | ᠨᠡᠶᠢᠭᠡᠮ ᠳᠤ ᠵᠥᠪ ᠲᠠᠯ᠎ᠠ ᠪᠠᠷ ᠤᠬᠠᠭᠤᠯᠬᠤ᠂ ᠡᠭᠦᠳᠡ ᠪᠠᠨ ᠨᠡᠭᠡᠭᠡᠵᠦ ᠬᠥᠮᠦᠵᠢᠯ ᠴᠡᠭᠴᠡᠯᠡᠯᠲᠡ ᠬᠢᠬᠦ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ 2021 ᠣᠨ ᠤ 4 ᠰᠠᠷ᠎ᠠ ᠶᠢᠨ 20 ᠤ ᠡᠳᠦᠷ᠂ ᠬᠤᠸᠠᠩ ᠪᠠᠢ | ᠽᠢ ᠨᠡᠶᠢᠭᠡᠮ ᠲᠣᠭᠤᠷᠢᠭ ᠤᠨ ᠬᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠤᠬᠠᠭᠤᠯᠭ᠎ᠠ ᠶᠢᠨ ᠠᠵᠢᠯ ᠢ ᠥᠷᠨᠢᠭᠦᠯᠪᠡ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠠᠵᠢᠯ ᠢ ᠪᠣᠳᠠᠲᠠᠶᠢᠵᠢᠭᠤᠯᠵᠤ᠂ ᠭᠦᠨᠵᠡᠭᠡᠶᠢᠷᠡᠭᠦᠯᠬᠦ ᠳᠤ ᠬᠦᠴᠦ ᠨᠡᠮᠡᠷᠢᠯᠡᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠪᠠᠴᠢᠮ ᠪᠡᠷᠬᠡ ᠠᠰᠠᠭᠤᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠤᠯᠠᠨ | ᠲᠦᠮᠡᠨ ᠳᠤ ᠦᠢᠯᠡᠴᠢᠯᠡᠬᠦ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠨᠡᠶᠢᠭᠡᠮ ᠲᠣᠭᠤᠷᠢᠭ ᠤᠨ ᠤᠯᠠᠨ | ᠲᠦᠮᠡᠨ ᠳᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠶᠢᠷ᠎ᠠ | ᠬᠠᠯᠠᠮᠵᠢ ᠶᠢ ᠦᠨᠡᠨ ᠬᠦ ᠮᠡᠳᠡᠷᠡᠭᠦᠯᠦᠨ᠎ᠡ᠃ | | ᠤᠬᠠᠭᠤᠯᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠡᠨ ᠤ ᠠᠵᠢᠯᠲᠠᠨ᠂ ᠰᠠᠶᠢᠨ | ᠳᠤᠷ᠎ᠠ ᠶᠢᠨ ᠠᠵᠢᠯᠯᠠᠭᠴᠢ᠂ ᠬᠡᠷ ᠲᠤᠨᠢ ᠬᠦᠷᠴᠦ ᠤᠬᠠᠭᠤᠯᠤᠨ ᠳᠠᠶᠢᠴᠢᠯᠠᠵᠤ᠂ LED ᠳᠡᠯᠭᠡᠴᠡ ᠶᠢ ᠠᠰᠢᠭᠯᠠᠨ | ᠤᠬᠠᠭᠤᠯᠭ᠎ᠠ ᠶᠢᠨ ᠤᠷᠢᠶ᠎ᠠ ᠯᠣᠽᠦ᠋ᠩ᠂ ᠸᠢᠴᠠᠲ ᠤᠨ ᠨᠡᠶᠢᠲᠡ ᠶᠢᠨ ᠳ᠋ᠤᠭᠠᠷ᠂ ᠨᠠᠶᠢᠵᠠ ᠶᠢᠨ ᠲᠣᠭᠤᠷᠢᠭ᠂ | ᠰᠠᠭᠤᠭᠠᠯᠢ ᠠᠷᠠᠳ ᠤᠨ ᠲᠣᠭᠤᠷᠢᠭ ᠤᠨ ᠰᠦᠷᠦᠭᠵᠢᠯ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠦᠷᠭᠦᠯᠵᠢᠯᠡᠨ | ᠨᠡᠪᠲᠡᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠭᠦᠨᠵᠡᠭᠡᠶ | ᠳᠥᠯᠭᠢᠨ ᠠᠬᠢᠭᠤᠯᠬᠤ ᠳᠤ ᠬᠦᠴᠦᠲᠡᠶ ᠦᠵᠡᠯ ᠰᠠᠨᠠᠭᠠᠨ ᠤ ᠵᠢᠯᠣᠭᠤᠳᠣᠯᠭ᠎ᠠ ᠪᠠ ᠶᠠᠷᠢᠶ᠎ᠠ ᠬᠡᠯᠡᠯᠴᠡᠭᠡᠨ ᠤ ᠪᠠᠲᠤᠯᠠᠭ᠎ᠠ | ᠬᠠᠩᠭᠠᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠪᠠᠰᠠ ᠬᠠᠷᠢᠶ᠎ᠠ ᠣᠷᠣᠨ ᠳᠠᠭᠠᠨ | ᠭᠦᠨᠵᠡᠭᠡᠶᠢᠷᠡᠵᠦ᠂ ︽ᠤᠳᠠ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ︾ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠤᠬᠠᠶ ᠶᠢᠨ ᠲᠠᠯᠠᠪᠤᠷ ᠤᠨ ᠲᠠᠶᠢᠯᠤᠮᠵᠢ ᠪᠠ | ᠲᠠᠨᠢᠯᠴᠠᠭᠤᠯᠭ᠎ᠠ ᠪᠠᠷ ᠳᠠᠮᠵᠢᠭᠤᠯᠤᠨ᠂ ᠣᠯᠠᠨ ᠲᠠᠯ᠎ᠠ ᠠᠴᠠ ᠠᠷᠠᠳ ᠣᠯᠠᠨ ᠳᠤ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠭᠤᠯᠭ᠎ᠠ᠂ ᠡᠭᠦᠷᠭᠡ᠂ ᠵᠣᠷᠢᠯᠭ᠎ᠠ ᠪᠠ ᠠᠴᠢ | ᠬᠤᠯᠪᠣᠭᠳᠠᠯ ᠢ ᠪᠥᠬᠦ ᠲᠠᠯ᠎ᠠ ᠪᠠᠷ ᠤᠬᠠᠭᠤᠯᠵᠤ᠂ ᠰᠠᠭᠤᠭᠠᠯᠢ ᠠᠷᠠᠳ ᠤᠨ ᠣᠶᠢᠯᠠᠭᠠᠬᠤ ᠬᠡᠮᠵᠢᠶ᠎ᠡ ᠪᠠ ᠣᠷᠣᠯᠴᠠᠬᠤ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠨᠡ ᠤᠳᠠᠭᠠᠨ ᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠪᠣᠯ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠨᠢᠭᠡᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠡᠭᠦᠨ ᠤ ᠵᠣᠷᠢᠯᠭ᠎ᠠ ᠨᠢ ᠨᠠᠮ ᠪᠣᠯᠤᠨ | ᠠᠷᠠᠳ ᠲᠦᠮᠡᠨ ᠤ ᠢᠲᠡᠭᠡᠯᠲᠡᠶ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠥᠷᠥ ᠬᠠᠤᠯᠢ ᠴᠠᠭᠠᠵᠠ ᠶᠢᠨ ᠲᠡᠮᠦᠷ | ᠴᠡᠷᠢᠭ ᠢ ᠪᠤᠶ ᠪᠣᠯᠭᠠᠬᠤ ᠶᠢᠨ ᠲᠥᠯᠥᠭᠡ ᠶᠤᠮ᠃ ᠰᠠᠭᠤᠭᠠᠯᠢ ᠠᠷᠠᠳ ᠤᠨ ᠤᠬᠠᠭᠤᠯᠭ᠎ᠠ ᠶᠢᠨ ᠤᠯᠤᠰ ᠲᠦᠷᠦ | ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠳᠤᠮᠳᠠ | ᠬᠥᠮᠦᠵᠢᠯ ᠬᠦᠷᠳᠡᠬᠦ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ᠂ ᠬᠤᠪᠢ ᠨᠡᠮᠡᠷᠢ ᠦᠵᠡᠭᠦᠯᠬᠦ ᠪᠠᠷ ᠳᠠᠮᠵᠢᠭᠤᠯᠤᠨ᠂ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠵᠣᠷᠢᠭ ᠰᠠᠨᠠᠭ᠎ᠠ ᠪᠠᠷ | ᠤᠳᠤᠷᠢᠳᠤᠮᠵᠢ ᠪᠣᠯᠭᠠᠨ᠂ ᠤᠯᠠᠨ ᠲᠦᠮᠡᠨ ᠳᠤ ᠰᠠᠶᠢᠲᠤᠷ ᠦᠢᠯᠡᠴᠢᠯᠡᠬᠦ ᠪᠠᠷ ᠡᠭᠦᠰᠭᠡᠯ ᠲᠡᠭᠦᠰᠬᠡᠯ ᠪᠣᠯᠭᠠᠵᠤ᠂ | ᠤᠯᠤᠰ ᠲᠦᠷᠦ ᠬᠠᠤᠯᠢ ᠴᠠᠭᠠᠵᠠ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠪᠣᠳᠠᠲᠠᠶ ᠠᠵᠢᠯ ᠤᠨ | ᠳᠤᠮᠳᠠ ᠪᠠᠨ ᠦᠨᠡᠨ ᠬᠦ ᠢᠯᠡᠷᠡᠭᠦᠯᠬᠦ ᠬᠡᠷᠡᠭᠲᠡᠶ᠃ | |