ᠸᠠᠺᠼᠢᠨ ᠤ ᠲᠠᠷᠢᠯᠭ᠎ᠠ ᠪᠣᠯ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ | ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠢᠵᠢᠭ ᠬᠠᠯᠳᠠᠪᠤᠷᠢᠯᠠᠬᠤ ᠶᠢ ᠰᠡᠷᠭᠡᠶᠢᠯᠡᠨ ᠬᠤᠷᠢᠭᠯᠠᠬᠤ | ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠸᠠᠺᠼᠢᠨ ᠤ | ᠲᠠᠷᠢᠯᠭ᠎ᠠ ᠶᠢᠨ ᠰᠠᠶᠢᠨ ᠲᠠᠯ᠎ᠠ ᠶᠢ ᠨᠠᠩ ᠪᠥᠬᠦ ᠲᠠᠯ᠎ᠠ ᠪᠠᠷ ᠣᠶᠢᠯᠠᠭᠠᠭᠤᠯᠵᠤ᠂ ᠸᠠᠺᠼᠢᠨ ᠤ ᠲᠠᠷᠢᠯᠭ᠎ᠠ ᠶᠢᠨ ᠲᠤᠬᠠᠶ | ᠵᠥᠪ ᠲᠠᠨᠢᠯᠲᠠ ᠶᠢ ᠨᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠤᠬᠠᠶᠢᠲᠤ ᠵᠡᠭᠡᠯᠢ | ᠭᠤᠳᠤᠮᠵᠢ ᠶᠢᠨ ᠬᠤᠸᠠᠩ ᠪᠠᠶ ᠽᠢ ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ | ᠠᠵᠢᠯᠯᠠᠭᠴᠢᠳ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠳᠠᠭᠠᠨ ᠰᠢᠨ᠎ᠡ ᠸᠠᠺᠼᠢᠨ ᠤ ᠲᠠᠷᠢᠯᠭ᠎ᠠ ᠶᠢᠨ | ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ | ᠳᠥᠯᠭᠢᠨ ᠠᠬᠢᠭᠤᠯᠪᠠ᠃ | | ᠲᠣᠰ ᠤᠳᠠᠭᠠᠨ ᠤ ᠤᠬᠠᠭᠤᠯᠭ᠎ᠠ ᠶᠢᠨ ᠵᠠᠷ ᠨᠠᠭᠠᠭᠰᠠᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ | ᠸᠠᠺᠼᠢᠨ ᠤ ᠲᠠᠷᠢᠯᠭ᠎ᠠ ᠶᠢᠨ ᠶᠡᠷᠦ ᠶᠢᠨ ᠮᠡᠳᠡᠯᠭᠡ ᠶᠢ ᠨᠠᠩ ᠰᠢᠭᠤᠳ᠂ ᠨᠠᠩ ᠭᠦᠨᠵᠡᠭᠡᠶ ᠣᠶᠢᠯᠠᠭᠠᠭᠤᠯᠵᠤ᠂ | ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠨᠡᠮᠡᠭᠳᠡᠭᠦᠯᠦᠨ᠂ ᠥᠷᠭᠡᠨ | ᠣᠯᠠᠨ ᠰᠠᠭᠤᠭᠠᠯᠢ ᠠᠷᠠᠳ ᠤᠨ ᠳᠡᠷᠭᠡᠳᠡᠬᠢ ᠬᠥᠮᠦᠰ ᠢᠶᠠᠨ ᠳᠠᠶᠢᠴᠢᠯᠠᠨ ᠸᠠᠺᠼᠢᠨ ᠤ ᠲᠠᠷᠢᠯᠭ᠎ᠠ ᠳᠤ ᠥᠷᠭᠡᠨ ᠢᠶᠠᠷ | ᠣᠷᠣᠯᠴᠠᠭᠤᠯᠬᠤ ᠬᠠᠯᠠᠭᠤᠨ ᠰᠡᠳᠬᠢᠯᠭᠡ ᠪᠠ ᠢᠳᠡᠪᠬᠢᠵᠢᠯ ᠢ ᠳᠡᠭᠡᠭᠰᠢᠯᠡᠭᠦᠯᠵᠦ᠂ ᠬᠠᠮᠲᠤᠯᠢᠭ ᠤᠨ ᠡᠭᠡᠯᠢᠯᠡᠭᠡ ᠶᠢᠨ | ᠬᠠᠯᠬᠠᠪᠴᠢ ᠶᠢ ᠲᠦᠷᠭᠡᠪᠴᠢᠯᠡᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | | | ᠸᠠᠺᠼᠢᠨ ᠤ ᠲᠠᠷᠢᠯᠭ᠎ᠠ ᠬᠢᠬᠦ ᠪᠣᠯ ᠬᠠᠮᠤᠭ ᠤᠨ ᠪᠦᠲᠦᠮᠵᠢᠲᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ᠂ | ᠬᠥᠮᠦᠨ ᠪᠣᠯᠭᠠᠨ ᠸᠠᠺᠼᠢᠨ ᠤ ᠲᠠᠷᠢᠯᠭ᠎ᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ | ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠢᠶᠠᠨ ᠰᠠᠶᠢᠲᠤᠷ ᠬᠠᠮᠠᠭᠠᠯᠠᠬᠤ ᠪᠠᠷ ᠪᠠᠷᠠᠬᠤ ᠥᠬᠡᠶ᠂ ᠬᠡᠷ ᠪᠦᠯᠢ ᠶᠢᠨ | ᠬᠥᠮᠦᠰ ᠪᠠ ᠡᠷᠬᠢᠨ ᠲᠣᠭᠤᠷᠢᠨ ᠤ ᠬᠥᠮᠦᠰ ᠢᠶᠠᠨ ᠴᠦ ᠰᠠᠶᠢᠲᠤᠷ ᠬᠠᠮᠠᠭᠠᠯᠠᠵᠤ᠂ ᠣᠯᠠᠨ ᠢᠶᠠᠷ ᠢᠶᠠᠨ ᠬᠠᠮᠲᠤ ᠪᠠᠷ | ᠴᠢᠷᠮᠠᠶᠢᠵᠤ ᠪᠠᠶᠢᠭᠠᠳ ᠡᠭᠡᠯᠢᠯᠡᠭᠡ ᠶᠢᠨ ᠬᠠᠯᠬᠠᠪᠴᠢ ᠶᠢ ᠡᠷᠲᠡᠬᠡᠨ ᠪᠠᠬᠢᠵᠢᠭᠦᠯᠵᠦ᠂ ᠬᠢᠵᠢᠭ ᠤᠨ ᠪᠠᠶᠢᠳᠠᠯ ᠢ | ᠲᠦᠢᠯᠪᠤᠷᠢᠲᠠᠶ ᠢᠯᠠᠨ ᠳᠠᠪᠠᠭ᠋ᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃ |