ᠬᠠᠪᠤᠷ ᠤᠨ ᠤᠯᠠᠷᠢᠯ ᠪᠣᠯ ᠳᠥᠷᠪᠡᠨ ᠬᠤᠣᠷᠲᠠᠨ ᠤ ᠦᠷᠡᠵᠢᠯ ᠤᠨ ᠣᠷᠭᠢᠯ ᠤᠨ ᠬᠤᠭᠤᠴᠠᠭ᠎ᠠ ᠪᠣᠯᠬᠤ | ᠪᠥᠭᠡᠳ ᠪᠠᠰᠠ ᠴᠤ ᠳᠥᠷᠪᠡᠨ ᠬᠤᠣᠷᠲᠠᠨ ᠤ ᠡᠪᠡᠳᠴᠢᠨ ᠡᠮᠭᠡᠭ ᠳᠡᠯᠭᠡᠷᠡᠬᠦ ᠣᠯᠠᠨ ᠡᠭᠦᠰᠬᠦ ᠤᠯᠠᠷᠢᠯ ᠪᠣᠯᠤᠨ᠎ᠠ᠃ | ᠲᠦᠷᠪᠡᠨ ᠬᠤᠣᠷᠲᠠᠨ ᠢ ᠪᠦᠲᠦᠮᠵᠢᠲᠡᠢ ᠬᠢᠵᠠᠭᠠᠷᠯᠠᠵᠤ᠂ ᠲᠦᠷᠪᠡᠨ ᠬᠤᠣᠷᠲᠠᠨ ᠤ ᠡᠪᠡᠳᠴᠢᠨ ᠡᠮᠭᠡᠭ ᠡᠭᠦᠰᠬᠦ ᠶᠢ | ᠰᠡᠷᠭᠡᠶᠢᠯᠡᠬᠦ ᠶᠢᠨ ᠲᠥᠯᠥᠭᠡ᠂ 4 ᠰᠠᠷ᠎ᠠ ᠶᠢᠨ 21 ᠤ ᠡᠳᠦᠷ᠂ ᠵᠧᠨ ᠬᠤᠸᠠ ᠨᠡᠶᠢᠭᠡᠮ ᠲᠣᠭᠤᠷᠢᠭ ᠤᠨ ᠬᠢᠨ ᠬᠠᠷᠢᠶ᠎ᠠ | ᠣᠷᠣᠨ ᠤ ᠪᠠᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠠᠪᠤᠷ ᠤᠨ ᠤᠯᠠᠷᠢᠯ ᠤᠨ ᠲᠦᠷᠪᠡᠨ | ᠬᠤᠣᠷᠲᠠᠨ ᠢ ᠠᠷᠢᠯᠭᠠᠬᠤ ᠠᠵᠢᠯᠯᠠᠭ᠎ᠠ ᠶᠢ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠲᠣᠭᠲᠠᠮᠠᠯ ᠬᠤᠭ ᠤᠨ ᠰᠠᠪᠠ ᠶᠢᠨ ᠡᠷᠬᠢᠨ | ᠲᠣᠭᠤᠷᠢᠨ᠂ ᠨᠡᠶᠢᠲᠡ ᠶᠢᠨ ᠵᠣᠷᠯᠣᠩ ᠤᠨ ᠡᠷᠬᠢᠨ ᠲᠣᠭᠤᠷᠢᠨ ᠵᠡᠷᠭᠡ ᠳᠥᠷᠪᠡᠨ ᠬᠤᠤᠷ ᠡᠭᠦᠰᠭᠡᠬᠦ ᠲᠠᠯᠠᠪᠤᠷ ᠲᠤ | ᠬᠤᠯᠤᠭᠠᠨ᠎ᠠ ᠶᠢᠨ ᠡᠮ ᠢ ᠭᠤᠤᠯᠳᠠᠯᠭ᠎ᠠ ᠲᠠᠢ ᠪᠠᠷ ᠲᠠᠯᠪᠢᠵᠤ᠂ ᠠᠯᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃ | ᠬᠤᠯᠤᠭᠠᠨ᠎ᠠ ᠶᠢ ᠤᠰᠠᠳᠬᠠᠬᠤ ᠶᠢᠨ ᠬᠠᠮᠲᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ | ᠲᠥᠯᠥᠭᠡ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠬᠤᠯᠤᠭᠠᠨ᠎ᠠ ᠶᠢᠨ ᠡᠮ ᠲᠠᠯᠪᠢᠬᠤ | ᠬᠤᠭᠤᠴᠠᠭᠠᠨ ᠳᠠᠭᠠᠨ ᠠᠮᠤᠷ ᠲᠦᠪᠰᠢᠨ ᠢ ᠠᠩᠬᠠᠷᠬᠤ ᠶᠢ ᠰᠠᠭᠤᠭᠠᠯᠢ ᠠᠷᠠᠳ ᠲᠤ ᠤᠬᠠᠭᠤᠯᠤᠭᠰᠠᠨ ᠤ ᠬᠠᠮᠲᠤ᠂ | ᠬᠡᠤᠬᠡᠳ ᠢ ᠰᠠᠶᠢᠲᠤᠷ ᠬᠠᠷᠠᠭᠠᠯᠵᠠᠵᠤ᠂ ᠡᠩᠬᠦᠷᠡᠶ ᠠᠮᠢᠲᠠᠨ ᠢᠶᠠᠨ ᠰᠠᠶᠢᠲᠤᠷ ᠬᠠᠮᠢᠶᠠᠷᠴᠤ᠂ ᠠᠳᠡᠭᠦᠷᠡᠨ ᠢᠳᠡᠵᠦ | ᠬᠤᠤᠷᠳᠠᠭᠳᠠᠬᠤ ᠠᠴᠠ ᠰᠡᠷᠭᠡᠶᠢᠯᠡᠬᠦ ᠶᠢ ᠣᠯᠠᠨ ᠳᠤ ᠰᠠᠨᠠᠭᠤᠯᠪᠠ᠃ | | | | | | ᠡᠨᠡ ᠤᠳᠠᠭᠠᠨ ᠤ ᠬᠠᠪᠤᠷ ᠤᠨ ᠤᠯᠠᠷᠢᠯ ᠤᠨ ᠳᠥᠷᠪᠡᠨ ᠬᠤᠣᠷᠲᠠᠨ ᠢ ᠠᠷᠢᠯᠭᠠᠬᠤ ᠠᠵᠢᠯᠯᠠᠭ᠎ᠠ ᠪᠠᠷ ᠳᠡᠮᠵᠢᠨ᠂ | ᠳᠥᠷᠪᠡᠨ ᠬᠤᠣᠷᠲᠠᠨ ᠤ ᠨᠢᠭᠲᠠᠴᠠ ᠶᠢ ᠪᠠᠭᠠᠰᠬᠠᠵᠤ᠂ ᠬᠤᠯᠤᠭᠠᠨ᠎ᠠ ᠶᠢᠨ ᠦᠷᠡᠵᠢᠯ ᠢ ᠪᠦᠲᠦᠮᠵᠢᠲᠡᠶ ᠪᠠᠷ ᠬᠢᠵᠠᠭᠠᠷᠯᠠᠨ | ᠂ ᠪᠠᠺᠲ᠋ᠧᠷᠢ ᠶᠢᠨ ᠳᠡᠯᠭᠡᠷᠡᠬᠦ ᠶᠢ ᠬᠤᠷᠢᠭᠯᠠᠵᠤ᠂ ᠡᠪᠡᠳᠴᠢᠨ ᠡᠮᠭᠡᠭ ᠳᠡᠯᠭᠡᠷᠡᠬᠦ ᠠᠴᠠ ᠵᠠᠶᠢᠯᠠᠰᠬᠢᠬᠦ ᠶᠢᠨ ᠬᠠᠮᠲᠤ | ᠥᠷᠭᠡᠨ ᠣᠯᠠᠨ ᠰᠠᠭᠤᠭᠠᠯᠢ ᠠᠷᠠᠳ ᠲᠤ ᠬᠤᠯᠤᠭᠠᠨ᠎ᠠ ᠤᠰᠠᠳᠬᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ | ᠰᠠᠭᠤᠭᠠᠯᠢ ᠠᠷᠠᠳ ᠲᠤ ᠭᠤᠶᠣ ᠰᠠᠶᠢᠬᠠᠨ ᠴᠡᠪᠡᠷ ᠲᠡᠭᠰᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠤᠶ | ᠪᠣᠯᠭᠠᠵᠤ ᠥᠭᠭᠦᠭᠰᠡᠨ ᠪᠠᠶᠢᠨ᠎ᠠ᠃ | |