ᠢᠳᠡᠭᠡᠨ ᠤ ᠠᠶᠤᠯᠭᠦᠶ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠢᠳᠡᠭᠡᠨ ᠤ | ᠠᠶᠤᠯᠭᠦᠶ ᠶᠢᠨ ᠲᠤᠬᠠᠶ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ | ᠲᠥᠯᠥᠭᠡ᠂ ᠣᠶᠢᠷ᠎ᠠ ᠳᠤ᠂ ᠢ ᠵᠢᠩ ᠵᠢᠶᠠ ᠶᠤᠸᠠᠨ ᠨᠡᠶᠢᠭᠡᠮ ᠲᠣᠭᠤᠷᠢᠭ ︽ᠢᠳᠡᠭᠡᠨ ᠤ ᠠᠮᠤᠷ ᠲᠦᠪᠰᠢᠨ ᠢ | ᠨᠡᠶᠢᠭᠡᠮ ᠲᠣᠭᠤᠷᠢᠭ ᠲᠤ ᠣᠷᠣᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠳᠡᠪᠲᠡᠷ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠠᠲ᠋ᠧᠷᠢᠶᠠᠯ ᠢ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠢᠳᠡᠭᠡᠨ ᠤ ᠠᠮᠤᠷ ᠲᠦᠪᠰᠢᠨ ᠤ | ᠬᠠᠮᠢᠶ᠎ᠠ ᠪᠥᠬᠦᠶ ᠮᠡᠳᠡᠯᠭᠡ ᠶᠢ ᠤᠬᠠᠭᠤᠯᠪᠠ᠃ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠ | ᠢᠳᠡᠭᠡᠨ ᠤ ᠬᠤᠣᠷᠳᠠᠯᠭ᠎ᠠ ᠶᠢᠨ ᠬᠤᠯᠪᠣᠭᠳᠠᠯ ᠪᠦᠬᠦᠢ ᠣᠨᠴᠠᠯᠢᠭ ᠲᠤ ᠲᠣᠬᠢᠶᠠᠯᠳᠤᠭᠰᠠᠨ ᠢᠳᠡᠭᠡᠨ ᠤ ᠠᠮᠤᠷ | ᠲᠦᠪᠰᠢᠨ ᠤ ᠠᠰᠠᠭᠤᠳᠠᠯ ᠵᠡᠷᠭᠡ ᠶᠡᠷᠦ ᠶᠢᠨ ᠮᠡᠳᠡᠯᠭᠡ ᠶᠢ ᠬᠡᠷᠬᠢᠨ ᠲᠠᠨᠢᠬᠤ ᠲᠤᠬᠠᠶ ᠨᠠᠷᠢᠨ ᠲᠠᠨᠢᠯᠴᠠᠭᠤᠯᠬᠤ ᠶᠢᠨ | ᠬᠠᠮᠲᠤ ᠢᠳᠡᠭᠡᠨ ᠤ ᠠᠮᠤᠷ ᠲᠦᠪᠰᠢᠨ ᠤ ᠬᠡᠷᠡᠭᠯᠡᠭᠡ ᠶᠢᠨ ᠲᠤᠬᠠᠶ ᠠᠳᠡᠭᠦᠷᠡᠯ᠂ ᠢᠳᠡᠭᠡᠨ ᠤᠮᠳᠠᠭᠠᠨ ᠢ ᠬᠡᠷᠬᠢᠨ ᠵᠦᠶ | ᠵᠣᠬᠢᠰᠲᠠᠶ ᠪᠠᠶᠢᠯᠭᠠᠬᠤ ᠵᠡᠷᠭᠡ ᠲᠠᠯ᠎ᠠ ᠪᠠᠷ ᠨᠠᠷᠢᠨ ᠬᠢᠨᠠᠮᠠᠭᠠᠶ ᠲᠠᠶᠢᠯᠪᠤᠷᠢᠯᠠᠯᠲᠠ ᠬᠢᠵᠦ᠂ ᠢᠳᠡᠭᠡᠨ ᠤᠮᠳᠠᠭᠠᠨ ᠤ ᠵᠦᠶ | ᠵᠣᠬᠢᠰᠲᠠᠶ ᠡᠷᠡᠭᠦᠯ ᠠᠷᠭ᠎ᠠ ᠮᠠᠶ᠋ᠢᠭ ᠢ ᠰᠠᠨᠠᠭᠠᠴᠢᠯᠠᠵᠠᠶ᠃ | | ᠲᠣᠰ ᠤᠳᠠᠭᠠᠨ ᠤ ︽ᠢᠳᠡᠭᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ︾ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠥᠮᠦᠨ ᠪᠦᠬᠦᠨ ᠠᠩᠬᠠᠷᠴᠤ᠂ ᠬᠥᠮᠦᠨ | ᠪᠦᠬᠦᠨ ᠢᠳᠡᠭᠡᠨ ᠤ ᠠᠮᠤᠷ ᠲᠦᠪᠰᠢᠨ ᠢ ᠴᠢᠬᠤᠯᠠᠴᠢᠯᠠᠬᠤ ᠡᠷᠡᠭᠦᠯ ᠡᠩᠬᠡ ᠨᠡᠶᠢᠭᠡᠮ ᠲᠣᠭᠤᠷᠢᠭ ᠤᠨ ᠠᠭᠤᠷ | ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ | ᠨᠣᠷᠮ᠎ᠠ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ | ᠴᠢᠩᠭᠠᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠡᠷᠡᠭᠦᠯ ᠮᠡᠨᠳᠦ ᠶᠢ ᠠᠬᠢᠭᠤᠯᠪᠠ᠃ |