ᠰᠢᠨ᠎ᠡ ᠲᠢᠳᠢᠮᠯᠢᠭ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠬᠦ ᠪᠦᠲᠦᠮᠵᠢᠲᠡᠶ ᠠᠷᠭ᠎ᠠ ᠶᠢᠨ ᠨᠢᠭᠡ ᠮᠥᠨ᠂ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ | ᠬᠢᠵᠠᠭᠠᠷᠯᠠᠬᠤ ᠶᠢᠨ ᠲᠥᠯᠥᠭᠡ᠂ 4 ᠰᠠᠷ᠎ᠠ ᠶᠢᠨ 22 ᠤ ᠡᠳᠦᠷ ᠤᠨ ᠦᠳᠡ ᠶᠢᠨ ᠬᠤᠶᠢᠨ᠎ᠠ᠂ ᠪᠢᠨ ᠬᠠᠶ ᠨᠡᠶᠢᠭᠡᠮ | ᠲᠣᠭᠤᠷᠢᠭ ᠰᠢᠨ᠎ᠡ ᠲᠢᠳᠢᠮᠯᠢᠭ ᠤᠨ ᠸᠠᠺᠼᠢᠨ ᠤ ᠲᠠᠷᠢᠯᠭ᠎ᠠ ᠬᠢᠵᠦ ᠪᠠᠷᠠᠭᠰᠠᠨ ᠤ ᠰᠠᠭᠤᠷᠢᠨ ᠳᠡᠭᠡᠷ᠎ᠡ᠂ ᠰᠢᠨ᠎ᠡ | ᠲᠢᠳᠢᠮᠯᠢᠭ ᠸᠠᠺᠼᠢᠨ ᠤ ᠲᠠᠷᠢᠯᠭ᠎ᠠ ᠬᠢᠬᠦ ᠶᠢ ᠳᠠᠬᠢᠨᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠤᠬᠠᠭᠤᠯᠵᠤ᠂ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠬᠢᠬᠦ ᠠᠬᠢᠴᠠ ᠶᠢ ᠴᠢᠷᠮᠠᠶᠢᠨ ᠠᠬᠢᠭᠤᠯᠪᠠ᠃ | | ᠪᠢᠨ ᠬᠠᠢ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠪᠦᠷᠢᠶ᠎ᠡ ᠡᠳᠦᠷ ᠪᠦᠷᠢ ᠬᠢᠵᠢᠭ ᠤᠨ | ᠪᠠᠶᠢᠳᠠᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠤᠬᠠᠭᠤᠯᠵᠤ᠂ ᠬᠠᠷᠢᠶ᠎ᠠ ᠲᠣᠭᠤᠷᠢᠭ ᠤᠨ ᠪᠦᠬᠦ | ᠰᠠᠭᠤᠭᠠᠯᠢ ᠠᠷᠠᠳ ᠲᠤ ᠰᠢᠨ᠎ᠡ ᠲᠢᠳᠢᠮᠯᠢᠭ ᠤᠨ ᠸᠠᠺᠼᠢᠨ ᠤ ᠲᠠᠷᠢᠯᠭ᠎ᠠ ᠬᠢᠬᠦ ᠶᠢ ᠤᠷᠢᠶᠠᠯᠠᠪᠠ᠃ ᠨᠡᠶᠢᠭᠡᠮ | ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠠᠷᠠᠳ ᠤᠨ ᠲᠣᠭᠤᠷᠢᠭ ᠤᠨ ᠢᠯᠡ ᠭᠠᠵᠠᠷ ᠲᠤ ᠰᠢᠨ᠎ᠡ | ᠲᠢᠳᠢᠮᠯᠢᠭ ᠤᠨ ᠸᠠᠺᠼᠢᠨ ᠤ ᠤᠬᠠᠭᠤᠯᠭ᠎ᠠ ᠶᠢᠨ ᠵᠠᠷᠯᠠᠯ ᠨᠠᠭᠠᠬᠤ᠂ ᠡᠷᠦᠬᠡ ᠳᠤ ᠬᠦᠷᠴᠦ ᠰᠢᠨ᠎ᠡ ᠲᠢᠳᠢᠮᠯᠢᠭ ᠤᠨ | ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠬᠤ ᠬᠡᠯᠪᠡᠷᠢ ᠪᠠᠷ ᠰᠠᠭᠤᠭᠠᠯᠢ ᠠᠷᠠᠳ ᠤᠨ ᠰᠢᠨ᠎ᠡ | ᠲᠢᠳᠢᠮᠯᠢᠭ ᠤᠨ ᠸᠠᠺᠼᠢᠨ ᠤ ᠲᠤᠬᠠᠶ ᠲᠠᠨᠢᠯᠲᠠ ᠶᠢ ᠠᠬᠢᠭᠤᠯᠵᠤ᠂ ᠰᠢᠨ᠎ᠡ ᠲᠢᠳᠢᠮᠯᠢᠭ ᠤᠨ ᠸᠠᠺᠼᠢᠨ ᠤ | ᠲᠠᠷᠢᠯᠭ᠎ᠠ ᠶᠢᠨ ᠮᠡᠳᠡᠯᠭᠡ ᠶᠢ ︽ᠮᠡᠳᠡᠪᠡᠰᠦ ᠵᠣᠬᠢᠬᠤ ᠶᠢ ᠨᠢ ᠪᠦᠬᠦᠨ ᠢ ᠮᠡᠳᠡᠬᠦ︾ ᠪᠠᠷ ᠳᠠᠮᠵᠢᠭᠤᠯᠤᠨ ᠣᠯᠠᠨ ᠢ | ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠳᠡᠩᠰᠡᠯᠡᠵᠦ᠂ ᠲᠠᠷᠢᠯᠭ᠎ᠠ ᠬᠢᠯᠭᠡᠬᠦ ᠪᠠᠷ ᠴᠢᠷᠮᠠᠶᠢᠪᠠ᠃ | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠥᠬᠦ ᠠᠷᠠᠳ ᠤᠨ ᠰᠢᠨ᠎ᠡ ᠲᠢᠳᠢᠮᠯᠢᠭ ᠤᠨ | ᠸᠠᠺᠼᠢᠨ ᠤ ᠲᠠᠷᠢᠯᠭ᠎ᠠ ᠶᠢᠨ ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠢᠨ᠎ᠡ | ᠲᠢᠳᠢᠮᠯᠢᠭ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠠᠰᠠ ᠨᠢᠭᠡ ᠤᠳᠠᠭ᠎ᠠ ᠪᠦᠲᠦᠮᠵᠢᠲᠡᠶ ᠠᠬᠢᠭᠤᠯᠤᠭᠰᠠᠨ ᠪᠠᠶᠢᠨ᠎ᠠ | ᠃ ᠳᠠᠷᠠᠭᠠᠴᠢ ᠶᠢᠨ ᠠᠯᠬᠤᠮ ᠳᠤ ᠪᠢᠨ ᠬᠠᠶ ᠨᠡᠶᠢᠭᠡᠮ ᠲᠣᠭᠤᠷᠢᠭ ᠤᠨ ᠬᠢᠨ ᠤᠬᠠᠭᠤᠯᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠤᠶ ᠪᠣᠯᠭᠠᠵᠤ᠂ ᠬᠠᠷᠢᠶ᠎ᠠ | ᠣᠷᠣᠨ ᠤ ᠪᠠᠨ ᠰᠠᠭᠤᠭᠠᠯᠢ ᠠᠷᠠᠳ ᠲᠤ ᠠᠮᠤᠷ ᠲᠦᠪᠰᠢᠨ ᠪᠥᠭᠡᠳ ᠡᠶ᠎ᠡ ᠵᠣᠬᠢᠴᠠᠯ ᠲᠠᠢ ᠠᠮᠢᠳᠤᠷᠠᠯ ᠤᠨ ᠠᠭᠤᠷ | ᠠᠮᠢᠰᠬᠤᠯ ᠢ ᠪᠤᠶ ᠪᠣᠯᠭᠠᠵᠤ ᠥᠭᠭᠦᠨ᠎ᠡ᠃ | |