ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ | ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ︾ ᠭᠦᠨ ᠵᠤᠵᠠᠭᠠᠨ ᠠᠭᠤᠷ ᠠᠮᠢᠰᠬᠤᠯ ᠢ | ᠬᠦᠴᠦᠯᠡᠨ ᠪᠤᠶ ᠪᠤᠯᠭᠠᠬᠤ ᠶᠢᠨ ᠲᠦᠯᠦᠭᠡ᠂ 4 ᠰᠠᠷ᠎ᠠ ᠶᠢᠨ 20 — 21 ᠤ ᠡᠳᠦᠷ᠂ ᠤᠳᠠ ᠲᠣᠭᠤᠷᠢᠭ ᠤᠨ | ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠠᠴᠠ ᠦᠬᠠᠶ ᠬᠤᠲᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠤᠷᠢᠵᠤ | ᠮᠠᠨ ᠤ ᠲᠤᠭᠤᠷᠢᠭ ᠲᠤ ︽ᠤᠳᠠ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠬᠠᠶ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ | ᠬᠤᠷᠠᠯ︾ ᠥᠷᠨᠢᠭᠦᠯᠵᠦ᠂ ᠪᠠᠯᠭᠠᠰᠤ ︵ᠵᠡᠭᠡᠯᠢ ᠭᠤᠳᠤᠮᠵᠢ︶ ᠶᠢᠨ ᠪᠠᠭ ᠤᠨ ᠪᠦᠷᠢᠯᠳᠦᠬᠦᠨ ᠵᠢᠴᠢ ᠪᠥᠬᠦ ᠨᠠᠮ ᠤᠨ | ᠭᠡᠰᠢᠭᠦᠨ᠂ ᠠᠵᠢᠯᠲᠠᠨ᠂ ᠡᠯ᠎ᠡ ᠨᠡᠶᠢᠭᠡᠮ ᠲᠣᠭᠤᠷᠢᠭ ᠤᠨ ᠭᠤᠤᠯ ᠬᠠᠷᠢᠭᠤᠴᠠᠯᠭᠠᠲᠠᠨ ᠵᠢᠴᠢ ᠠᠵᠢᠯᠲᠠᠨ ᠵᠢᠴᠢ | ᠬᠠᠷᠢᠶ᠎ᠠ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠲᠣᠰ ᠤᠳᠠᠭᠠᠨ ᠤ ᠮᠡᠳᠡᠭᠦᠯᠦᠯᠲᠡ ᠶᠢᠨ ᠬᠤᠷᠠᠯ ᠳᠤ | ᠣᠷᠣᠯᠴᠠᠵᠠᠶ᠃ | | ᠦᠬᠠᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ | ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠠᠭᠤᠷᠢ ᠤᠨᠤᠯ ᠤᠨ ᠵᠢᠭᠠᠨ ᠰᠤᠳᠤᠯᠬᠤ | ᠲᠠᠰᠤᠭ ᠤᠨ ᠬᠠᠷᠢᠭᠤᠴᠠᠯᠭᠠᠲᠠᠨ ︽ᠵᠠᠭᠤᠨ ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢ ᠡᠷᠭᠢᠴᠡᠭᠦᠯᠵᠦ | ᠤᠷᠤᠭᠰᠢᠯᠠᠯᠲᠠ ᠶᠢᠨ ᠤᠶᠤᠨ ᠤᠬᠠᠭᠠᠨ ᠬᠦᠴᠦᠨ ᠴᠢᠳᠠᠯ ᠢ ᠣᠯᠤᠶ᠎ᠠ︾ ᠭᠡᠬᠦ ᠰᠡᠳᠦᠪ ᠢᠶᠠᠷ ᠰᠢ ᠶᠢᠨ ᠫᠢᠩ | ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠢᠴᠡᠳ ᠲᠠᠨᠢᠬᠤ ᠪᠠᠷ ᠭᠠᠷᠳᠠᠴᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠤᠨ ᠲᠡᠦᠬᠡᠲᠦ ᠴᠢᠨᠠᠷᠲᠠᠢ ᠬᠤᠪᠢ | ᠨᠡᠮᠡᠷᠢ ᠶᠢ ᠪᠦᠬᠦ ᠲᠠᠯ᠎ᠠ ᠪᠠᠷ ᠲᠠᠶᠢᠯᠪᠤᠷᠢᠯᠠᠬᠤ ᠶᠢᠨ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠭᠤᠣᠯᠳᠠᠯᠭ᠎ᠠ ᠶᠢ ᠭᠦᠨᠵᠡᠭᠡᠢ ᠡᠵᠡᠮᠰᠢᠪᠡ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠪᠣᠯ ᠲᠡᠷᠢᠭᠦᠨ ᠴᠢᠬᠤᠯᠠ | ᠶᠠᠪᠤᠳᠠᠯ ᠪᠣᠯᠤᠨ᠎ᠠ᠂ ᠨᠠᠮ ᠤᠨ ᠭᠡᠰᠢᠭᠦᠨ ᠺᠠᠳ᠋ᠷᠴᠤᠳ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ | ᠲᠦᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠪᠠᠷ ᠲᠤᠰ ᠪᠡᠶ᠎ᠡ ᠶᠢᠨ | ᠪᠣᠯᠪᠠᠰᠤᠷᠠᠯ ᠤᠨ ᠢᠶᠠᠨ ᠬᠡᠪ ᠳᠠᠭᠤᠷᠢᠶᠠᠯ ᠪᠣᠯᠭᠠᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠠᠷᠭ᠎ᠠ ᠬᠡᠯᠪᠡᠷᠢ ᠪᠣᠯᠤᠨ ᠭᠤᠣᠯᠳᠠᠯᠭ᠎ᠠ ᠶᠢᠨ | ᠭᠤᠣᠯᠳᠠᠯᠭ᠎ᠠ ᠶᠢ ᠨᠠᠷᠢᠨ ᠲᠣᠳᠣᠷᠬᠠᠢ ᠲᠠᠶᠢᠯᠪᠤᠷᠢᠯᠠᠵᠠᠢ᠃ | ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠰᠠᠶᠢᠲᠤᠷ ᠲᠡᠮᠳᠡᠭᠯᠡᠯ ᠬᠢᠵᠦ᠂ | ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃ ᠬᠤᠷᠠᠯ ᠤᠨ ᠳᠠᠷᠠᠭ᠎ᠠ᠂ ᠤᠯᠠᠨ ᠢᠶᠠᠷ ᠢᠶᠠᠨ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠪᠠ ᠬᠤᠶᠢᠰᠢᠳᠠ ᠶᠢᠨ ᠠᠵᠢᠯ ᠤᠨ ᠳᠤᠮᠳᠠᠬᠢ | ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠦᠨᠳᠦᠰᠦᠨ ᠱᠠᠲᠤᠨ ᠤ ᠡᠯ᠎ᠡ ᠲᠦᠷᠦᠯ ᠤᠨ | ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠠᠮᠢᠳᠤᠯᠢᠭ ᠢᠶᠠᠷ | ᠠᠰᠢᠭᠯᠠᠵᠤ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠳᠠ ᠲᠣᠭᠤᠷᠢᠭ ᠤᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠬᠠᠯᠠᠭᠤᠨ ᠥᠷᠨᠢᠯᠲᠡ ᠶᠢ ᠰᠠᠶᠢᠲᠤᠷ ᠪᠤᠢ ᠪᠣᠯᠭᠠᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠲᠠᠰᠤᠷᠠᠯᠲᠠ ᠦᠭᠡᠢ ᠪᠣᠳᠠᠲᠠᠶᠢᠵᠢᠵᠤ᠂ ᠭᠦᠨᠵᠡᠭᠡᠶᠢᠷᠡᠵᠦ᠂ ᠰᠡᠳᠬᠢᠯ ᠵᠢᠷᠦᠬᠡᠨ ᠳᠡᠭᠡᠨ | ᠭᠦᠨᠵᠡᠭᠡᠶᠢᠷᠡᠬᠦ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | |