︽ᠬᠠᠪᠤᠷ ᠤᠨ ᠤᠯᠠᠷᠢᠯ ᠳᠤ ᠪᠠᠭ᠋ᠠᠷᠬᠠᠨ ᠤᠩᠰᠢᠵᠤ᠂ ᠲᠦᠮᠡᠨ ᠪᠣᠳᠠᠰ ᠢ ᠰᠡᠷᠭᠦᠭᠡᠨ᠎ᠡ ︿ᠪᠢᠴᠢᠭ﹀᠃︾ | 26 ᠳ᠋ᠤᠭᠠᠷ ᠤᠳᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ ᠪᠣᠯᠤᠨ ᠨᠠᠮ ᠪᠠᠶᠢᠭᠤᠯᠤᠭᠳᠠᠭᠰᠠᠨ 100 ᠵᠢᠯ ᠤᠨ | ᠤᠢ ᠶᠢ ᠤᠭᠲᠤᠬᠤ ᠲᠠᠰᠢᠷᠠᠮ ᠢᠶᠠᠷ᠂ ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠡ ᠶᠢᠨ | ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ︽ᠭᠠᠶᠢᠯᠢ ᠶᠢᠨ ᠰᠡᠳᠬᠢᠯ ᠨᠠᠮ ᠵᠥᠩ ᠳᠡᠭᠡᠨ᠂ ᠪᠠᠭ᠋ᠠᠷᠬᠠᠨ | ᠤᠩᠰᠢᠵᠤ ᠬᠠᠮᠲᠤᠪᠠᠷ ᠡᠳ᠋ᠯᠡᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠰᠤᠷᠭᠠᠭᠤᠯᠢ ᠶᠢᠨ | ᠨᠠᠮ ᠤᠨ ᠲᠡᠦᠬᠡ ᠶᠢ ᠦᠵᠡᠵᠦ᠂ ᠰᠣᠨᠣᠰᠴᠤ᠂ ᠤᠷᠤᠯᠳᠤᠵᠤ᠂ ᠵᠥᠪᠯᠡᠬᠦ ᠲᠤᠮᠳᠠ ᠨᠠᠮ ᠤᠨ ᠲᠡᠦᠬᠡ ᠶᠢ ᠰᠤᠷᠤᠯᠴᠠᠵᠦ | ᠂ ᠨᠥᠯᠥᠭᠡᠯᠡᠭᠳᠡᠵᠦ᠂ ᠢᠲᠡᠭᠡᠯ ᠪᠢᠰᠢᠷᠡᠯ ᠢᠶᠠᠨ ᠨᠡᠮᠡᠭᠳᠡᠭᠦᠯᠵᠡᠢ᠃ | | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠲᠠᠬᠤ ᠬᠦᠴᠦᠨ ᠪᠠ ᠨᠡᠪᠴᠢᠯᠲᠡ ᠶᠢᠨ ᠬᠦᠴᠦᠨ ᠤ | ᠰᠢᠨ᠎ᠡ ᠶᠢ ᠡᠭᠦᠳᠬᠦ ᠶᠢᠨ ᠲᠥᠯᠥᠭᠡ᠂ ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠢᠴᠢᠶᠡᠯ ᠤᠨ ᠲᠠᠩᠬᠢᠮ ᠢ ᠰᠢᠨᠬᠤᠸᠠ ᠨᠣᠮ ᠤᠨ ᠳᠡᠯᠭᠡᠭᠦᠷ ᠲᠤ | ᠣᠷᠣᠭᠤᠯᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠬᠤ᠂ ᠨᠠᠮ ᠤᠨ ᠲᠡᠦᠬᠡ ᠶᠢᠨ ᠬᠡᠰᠡᠭ ᠢ | ᠰᠣᠨᠢᠷᠬᠠᠬᠤ᠂ ᠬᠤᠪᠢᠰᠬᠠᠯ ᠤᠨ ᠭᠡᠷ ᠤᠨ ᠵᠠᠬᠢᠳᠠᠯ ᠢ ᠤᠩᠰᠢᠬᠤ᠂ ᠨᠠᠮ ᠤᠨ ᠲᠡᠦᠬᠡ ᠶᠢᠨ ᠠᠰᠠᠭᠤᠯᠲᠠ | ᠬᠠᠷᠢᠭᠤᠯᠲᠠ ᠶᠢ ᠰᠣᠯᠢᠯᠴᠠᠬᠤ᠂ ᠣᠯᠤᠯᠲᠠ ᠲᠦᠷᠦᠭᠳᠡᠯ ᠢᠶᠠᠨ ᠬᠤᠪᠢᠶᠠᠯᠴᠠᠬᠤ ᠵᠡᠷᠭᠡ ᠭᠤᠭᠴᠤᠭ᠎ᠠ ᠪᠠᠷ | ᠳᠠᠮᠵᠢᠭᠤᠯᠵᠤ᠂ ᠬᠤᠪᠢᠰᠬᠠᠯ ᠤᠨ ᠲᠡᠦᠬᠡ ᠶᠢᠨ ᠠᠬᠤᠢ ᠪᠠᠶᠢᠳᠠᠯ ᠢ ᠰᠣᠯᠪᠢᠴᠠᠭᠤᠯᠤᠨ ᠣᠷᠣᠭᠤᠯᠵᠤ᠂ | ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠨᠢᠭᠡ ᠨᠠᠰᠤᠨ ᠤ ᠦᠢᠯᠡ ᠠᠵᠢᠯᠯᠠᠭ᠎ᠠ ᠪᠠᠷ ᠭᠤᠣᠯ ᠰᠢᠵᠢᠮ ᠪᠣᠯᠭᠠᠵᠤ | ᠂ ᠸᠠᠩ ᠰᠢᠶᠤᠤ ᠰᠢ᠂ ᠮᠠᠤ ᠽᠧ ᠵᠢᠶᠠᠨ᠂ ᠳ᠋ᠧᠩ ᠧᠨ ᠮᠢᠩ᠂ ᠰᠢᠶᠠ ᠮᠢᠩ ᠬᠠᠨ᠂ ᠵᠤᠤ ᠢ ᠮᠠᠨ ᠵᠡᠷᠭᠡ | ᠬᠤᠪᠢᠰᠬᠠᠯ ᠤᠨ ᠰᠢᠯᠢᠳᠡᠭ ᠠᠬᠠᠮᠠᠳ ᠦᠶ᠎ᠡ ᠶᠢᠨ ᠬᠢᠨ ᠤ ᠬᠤᠪᠢᠰᠬᠠᠯ ᠤᠨ ᠢᠲᠡᠭᠡᠯ ᠪᠢᠰᠢᠷᠡᠯ ᠢᠶᠠᠷ ᠪᠢᠯᠬᠠᠮ᠎ᠠ | ᠭᠡᠷ ᠤᠨ ᠵᠠᠬᠢᠳᠠᠯ ᠤᠨ ᠦᠯᠢᠭᠡᠷ ᠢ ᠶᠠᠷᠢᠵᠤ᠂ ᠵᠠᠯᠠᠭᠤ ᠭᠠᠶᠢᠯᠢ ᠶᠢᠨ ᠶᠠᠪᠤᠳᠠᠯ ᠤᠨ ᠺᠠᠳ᠋ᠷᠴᠤᠳ ᠢ ᠲᠡᠦᠬᠡ ᠰᠤᠷᠬᠤ | ᠶᠠᠪᠤᠴᠠ ᠳᠤ ᠶᠣᠰᠣ ᠤᠴᠢᠷ ᠢ ᠣᠶᠢᠯᠠᠭᠠᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠶᠣᠰᠣ ᠰᠤᠷᠲᠠᠬᠤᠨ ᠢ ᠡᠷᠬᠢᠮᠯᠡᠵᠦ | ᠂ ᠬᠦᠴᠦᠨ ᠴᠢᠳᠠᠯ ᠢᠶᠠᠨ ᠪᠠᠳᠠᠷᠠᠭᠤᠯᠪᠠ᠃ | ︽ᠬᠤᠪᠢᠰᠬᠠᠯᠲᠤ ᠭᠡᠷ ᠤᠨ ᠵᠠᠬᠢᠳᠠᠯ ᠢ ᠤᠩᠰᠢᠬᠤ ᠪᠠᠷ ᠳᠠᠮᠵᠢᠨ ᠪᠢ ᠠᠬᠠᠮᠠᠳ ᠨᠢᠭᠡ ᠦᠶ᠎ᠡ ᠶᠢᠨ ᠡᠪ | ᠬᠠᠮᠲᠤᠴᠤᠳ ᠤᠨ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ᠵᠢᠳᠬᠦᠬᠦ ᠭᠤᠶᠠᠴᠢ ᠦᠭᠡᠢ ᠬᠠᠶᠢᠷ᠎ᠠ | ᠰᠡᠳᠬᠢᠯᠭᠡ ᠶᠢ ᠭᠦᠨᠵᠡᠭᠡᠢ ᠮᠡᠳᠡᠷᠡᠭᠦᠯᠵᠦ᠂ ᠴᠢᠰᠤ ᠨᠥᠵᠢ ᠲᠠᠢ ᠲᠡᠮᠡᠴᠡᠯ ᠳᠤᠮᠳᠠ ᠢᠯᠡᠷᠡᠭᠦᠯᠦᠭᠰᠡᠨ ᠡᠷᠡᠰ ᠪᠠᠲᠤ | ᠢᠲᠡᠭᠡᠯ ᠪᠢᠰᠢᠷᠡᠯ ᠪᠣᠯᠤᠨ ᠢᠲᠡᠭᠡᠯ ᠪᠢᠰᠢᠷᠡᠯ ᠨᠢ ᠤᠳᠤ ᠶᠢᠨ ᠪᠢᠳᠡᠨ ᠤ ᠶᠠᠭᠠᠬᠢᠵᠤ ᠬᠢᠬᠦ ᠶᠢ ᠬᠦᠨᠳᠡᠵᠤ ᠪᠠᠶᠢᠬᠤ ᠶᠢ | ᠭᠦᠨᠵᠡᠭᠡᠢ ᠮᠡᠳᠡᠷᠡᠭᠦᠯᠵᠡᠢ᠃︾ ᠭᠡᠵᠦ ᠰᠤᠷᠤᠭᠴᠢ ᠯᠢ ᠶᠢᠨ ᠮᠢᠩ ᠬᠡᠯᠡᠪᠡ᠃ ︽ᠨᠠᠮ ᠤᠨ ᠲᠡᠤᠬᠡ ᠶᠢ | ᠰᠤᠷᠤᠯᠴᠠᠬᠤ ᠨᠢ ᠵᠥᠪᠬᠡᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠶᠢᠨ ᠲᠥᠯᠥᠭᠡ ᠪᠢᠰᠢ᠂ | ᠨᠠᠩ ᠴᠤ ᠨᠠᠮ ᠤᠨ ᠬᠡᠷᠡᠯ ᠰᠠᠴᠤᠷᠠᠩᠭᠤᠶ ᠣᠨ ᠰᠠᠷ᠎ᠠ ᠠᠴᠠ ᠲᠡᠮᠡᠴᠡᠯ ᠤᠨ ᠵᠣᠷᠢᠭ ᠰᠠᠨᠠᠭ᠎ᠠ ᠶᠢ ᠰᠢᠩᠭᠡᠭᠡᠨ | ᠠᠪᠬᠤ ᠶᠢᠨ ᠲᠥᠯᠥᠭᠡ ᠶᠤᠮ᠂ ᠰᠢᠨ᠎ᠡ ᠴᠠᠭ ᠦᠶ᠎ᠡ ᠶᠢᠨ ᠵᠠᠯᠠᠭᠤ ᠭᠠᠶᠢᠯᠢ ᠶᠢᠨ ᠶᠠᠪᠤᠳᠠᠯ ᠤᠨ ᠠᠵᠢᠯᠲᠠᠨ | ᠪᠣᠯᠤᠭᠰᠠᠨ ᠤ ᠬᠤᠪᠢ ᠳᠤ ᠲᠤᠯᠭᠤᠷ ᠵᠣᠷᠢᠯᠲᠠ ᠪᠠᠨ ᠪᠠᠷᠢᠮᠲᠠᠯᠠᠨ ᠣᠭ ᠴᠢᠨᠠᠷ ᠢᠶᠠᠨ ᠪᠠᠲᠤᠯᠠᠵᠤ᠂ ᠦᠨᠡᠨᠴᠢ | ᠰᠢᠳᠤᠷᠭᠤ ᠪᠠᠷ ᠥᠯᠥ ᠵᠠᠰᠠᠷᠠᠬᠤ᠂ ᠦᠨᠡᠨᠴᠢ ᠰᠢᠳᠤᠷᠭᠤ ᠪᠠᠷ ᠥᠯᠥ ᠬᠤᠪᠢᠷᠠᠬᠤ ᠶᠢ ᠪᠡᠶᠡᠯᠡᠭᠦᠯᠬᠦ ᠬᠡᠷᠡᠭᠲᠡᠶ᠃ ︾ | ᠭᠡᠵᠦ ᠰᠤᠷᠤᠭᠴᠢ ᠮᠠ ᠰᠢᠨ ᠤᠬᠠᠪᠤᠷᠢᠯᠠᠨ ᠬᠡᠯᠡᠪᠡ᠃ | ᠨᠠᠮ ᠤᠨ ᠲᠡᠦᠬᠡ ᠶᠢ ᠰᠤᠷᠤᠯᠴᠠᠵᠤ᠂ ᠪᠢᠴᠢᠭ ᠤᠨ ᠰᠤᠷᠪᠤᠯᠵᠢ ᠶᠢ ᠤᠯᠠᠮᠵᠢᠯᠠᠵᠤ᠂ ᠰᠣᠶᠣᠯ ᠢ ᠵᠠᠯᠭᠠᠮᠵᠢᠯᠠᠨ᠎ᠠ | ᠃ ᠪᠢᠳᠡ ᠨᠣᠮ ᠤᠩᠰᠢᠬᠤ ᠲᠠᠢ ᠨᠥᠬᠦᠷᠯᠡᠵᠦ᠂ ᠨᠣᠮ ᠤᠨ ᠰᠤᠷᠪᠤᠯᠵᠢ ᠶᠢᠨ ᠭᠠᠶᠢᠯᠢ ᠶᠢᠨ ᠶᠠᠪᠤᠳᠠᠯ ᠢ ᠪᠠᠶᠢᠭᠤᠯᠵᠤ᠂ | ᠨᠠᠮ ᠤᠨ ᠲᠡᠦᠬᠡ ᠶᠢ ᠤᠩᠰᠢᠬᠤ ᠳᠤᠮᠳᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠰᠬᠠᠯᠲᠤ ᠵᠣᠷᠢᠭ | ᠰᠠᠨᠠᠭ᠎ᠠ ᠶᠢ ᠰᠡᠳᠬᠢᠯ ᠵᠢᠷᠦᠬᠡᠨ ᠳᠡᠭᠡᠨ ᠦᠨᠳᠦᠰᠦᠯᠡᠭᠦᠯᠦᠨ ᠤᠯᠠᠮᠵᠢᠯᠠᠵᠠᠭᠠᠶᠠ᠃ | |