ᠬᠡᠪ ᠴᠢᠨᠠᠷ ᠰᠢᠯᠢᠳᠡᠭ ᠰᠠᠶᠢᠨ᠂ ᠰᠠᠬᠢᠯᠭ᠎ᠠ ᠪᠠᠲᠤ ᠴᠢᠩᠭ᠎ᠠ᠂ ᠦᠢᠯᠡᠳᠦᠯ ᠲᠤᠪᠤᠶᠢᠮ᠎ᠠ ᠨᠠᠮ ᠤᠨ ᠭᠡᠰᠢᠭᠦᠨ ᠤ | ᠡᠩᠨᠡᠭᠡ ᠶᠢ ᠪᠠᠶᠢᠭᠤᠯᠬᠤ ᠶᠢᠨ ᠲᠥᠯᠥᠭᠡ᠂ ᠰᠤᠬᠠᠶᠢᠲᠤ ᠵᠡᠭᠡᠯᠢ ᠭᠤᠳᠤᠮᠵᠢ ᠨᠠᠮ ᠤᠨ ᠭᠡᠰᠢᠭᠦᠨ ᠤ ᠪᠠᠷᠢᠮᠵᠢᠶ᠎ᠠ ᠶᠢ | ᠪᠠᠷᠢᠮᠲᠠᠯᠠᠵᠤ᠂ ᠬᠥᠭᠵᠢᠯᠲᠡ ᠶᠢᠨ ᠲᠡᠰ ᠳᠠᠷᠠᠭᠠᠯᠠᠯ ᠢ ᠵᠢᠷᠤᠮᠵᠢᠭᠤᠯᠵᠤ᠂ ᠬᠥᠭᠵᠢᠯᠲᠡ ᠶᠢᠨ ᠭᠤᠣᠯᠳᠠᠯᠭ᠎ᠠ ᠶᠢ | ᠲᠤᠪᠤᠶᠢᠯᠭᠠᠵᠦ᠂ ᠨᠠᠮ ᠤᠨ ᠭᠡᠰᠢᠭᠦᠨ ᠤ ᠶᠠᠰᠤ ᠴᠢᠨᠠᠷ ᠢ ᠪᠠᠲᠤᠯᠠᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ᠶᠠᠰᠤ | ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | | ᠬᠥᠭᠵᠢᠯᠲᠡ ᠶᠢᠨ ᠡᠲᠡᠭᠡᠳ ᠤᠨ ︽ᠡᠬᠢ ᠡᠭᠦᠰᠦᠯ ᠤᠨ ᠪᠣᠭᠤᠮᠲᠠ︾ ᠶᠢ ᠴᠢᠩᠭ᠎ᠠ ᠠᠳᠬᠤᠵᠤ᠂ ︽ᠰᠢᠯᠭᠠᠨ | ᠪᠠᠶᠢᠴᠠᠭᠠᠭᠴᠢ︾ ᠪᠣᠯᠬᠤ ᠬᠡᠷᠡᠭᠲᠡᠢ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠨᠠᠮ ᠳᠤ ᠣᠷᠣᠬᠤ ᠢᠳᠡᠪᠬᠢᠲᠡᠨ ᠪᠠ ᠡᠯᠰᠡᠭᠳᠡᠬᠦ ᠡᠲᠡᠭᠡᠳ ᠤᠨ ᠠᠳᠠᠯᠢ ᠪᠤᠰᠤ ᠬᠥᠭᠵᠢᠯᠲᠡ ᠶᠢᠨ | ᠱᠠᠲᠤᠨ ᠤ ᠣᠨᠴᠠᠯᠢᠭ ᠲᠤ ᠴᠢᠭᠯᠡᠭᠦᠯᠦᠨ᠂ ᠲᠡᠭᠦᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠢᠮᠠᠭᠲᠠ ᠶᠢᠨ | ᠢᠯᠡᠷᠡᠯ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ ᠡᠵᠡᠮᠰᠢᠵᠦ᠂ ᠡᠯᠰᠡᠭᠳᠡᠬᠦ ᠡᠲᠡᠭᠡᠳ ᠤᠨ ᠤᠯᠤᠰ ᠲᠦᠷᠦ ᠶᠢᠨ | ᠬᠢᠨᠠᠨ ᠪᠠᠶᠢᠴᠠᠭᠠᠯᠲᠠ ᠶᠢᠨ ᠠᠵᠢᠯ ᠢ ᠴᠢᠩᠳᠠᠯᠠᠵᠤ᠂ ᠨᠠᠮ ᠳᠤ ᠣᠷᠣᠬᠤ ᠲᠠᠨᠢᠯᠴᠠᠭᠤᠯᠤᠭᠴᠢ᠂ ᠨᠠᠮ ᠤᠨ ᠭᠡᠰᠢᠭᠦᠨ | ᠤᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ︽ᠡᠪᠡᠳᠴᠢᠨ ᠲᠠᠢ ᠪᠠᠶᠢᠲᠠᠯ᠎ᠠ ᠨᠠᠮ ᠳᠤ ᠣᠷᠣᠬᠤ︾ ᠶᠢ | ᠡᠷᠡᠰ ᠬᠤᠷᠢᠭᠯᠠᠵᠤ᠂ ᠨᠠᠮ ᠤᠨ ᠭᠡᠰᠢᠭᠦᠨ ᠤ ᠡᠩᠨᠡᠭᠡᠨ ᠤ ᠴᠡᠪᠡᠷ ᠴᠢᠨᠠᠷ ᠪᠠ ᠲᠡᠷᠢᠭᠦᠨ ᠤ ᠴᠢᠨᠠᠷ ᠢ ᠦᠨᠡᠨ ᠬᠦ | ᠪᠠᠲᠤᠯᠠᠨ᠎ᠠ᠃ | | ᠬᠥᠭᠵᠢᠯᠲᠡ ᠶᠢᠨ ᠡᠲᠡᠭᠡᠳ ᠤᠨ ︽ᠲᠡᠰ ᠳᠠᠷᠠᠭᠠᠯᠠᠯ ᠤᠨ ᠪᠣᠭᠤᠮᠲᠠ︾ ᠶᠢ ᠴᠢᠩᠭ᠎ᠠ ᠠᠳᠬᠤᠵᠤ᠂ ︽ᠵᠢᠷᠤᠭ | ᠲᠥᠯᠥᠪᠯᠡᠭᠡᠴᠢ︾ ᠪᠣᠯᠬᠤ ᠬᠡᠷᠡᠭᠲᠡᠢ᠃ ᠲᠡᠰ ᠳᠠᠷᠠᠭᠠᠯᠠᠯ ᠢ ᠪᠠᠭᠠᠰᠬᠠᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ | ᠦᠭᠡᠢ ᠪᠠᠶᠢᠬᠤ ᠶᠢ ᠪᠠᠷᠢᠮᠲᠠᠯᠠᠵᠤ᠂ ︽ᠨᠠᠮ ᠤᠨ ᠭᠡᠰᠢᠭᠦᠨ ᠡᠯᠰᠡᠬᠦ ᠠᠵᠢᠯᠯᠠᠭᠠᠨ ᠤ ᠶᠠᠪᠤᠴᠠ︾ ᠶᠢᠨ 5 ᠱᠠᠳᠤ 25 | ᠠᠯᠬᠤᠮ ᠲᠠᠷᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠲᠠᠭᠤ ᠲᠤᠷᠭᠤᠨ ᠨᠠᠶᠢᠳᠠᠪᠤᠷᠢᠵᠢᠭᠤᠯᠬᠤ ᠦᠭᠡᠢ᠂ | ᠥᠭᠡᠷᠡᠲᠦᠭᠦᠯᠬᠦ ᠦᠭᠡᠢ᠂ ᠬᠡᠯᠪᠡᠷᠢ ᠶᠢ ᠪᠠᠷᠢᠮᠲᠠᠯᠠᠬᠤ ᠦᠭᠡᠢ ᠪᠠᠶᠢᠬᠤ ᠶᠢ ᠪᠡᠶᠡᠯᠡᠭᠦᠯᠵᠦ᠂ ᠨᠠᠮ ᠤᠨ ᠭᠡᠰᠢᠭᠦᠨ ᠡᠯᠰᠡᠬᠦ | ᠡᠯ᠎ᠡ ᠭᠤᠭᠴᠤᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ | ᠠᠬᠢᠭᠤᠯᠬᠤ ᠬᠡᠷᠡᠭᠲᠡᠢ᠃ ᠨᠠᠮ ᠤᠨ ᠤᠨᠤᠯ᠂ ᠨᠠᠮ ᠳᠤ ᠣᠷᠣᠬᠤ ᠤᠭ ᠰᠠᠨᠠᠭ᠎ᠠ᠂ ᠬᠢᠷᠢ ᠲᠡᠩᠴᠡᠭᠰᠡᠨ ᠨᠠᠮ ᠤᠨ | ᠭᠡᠰᠢᠭᠦᠨ ᠤ ᠪᠠᠷᠢᠮᠵᠢᠶ᠎ᠠ ᠵᠡᠷᠭᠡ ᠲᠠᠯ᠎ᠠ ᠪᠠᠷ ᠭᠤᠣᠯᠳᠠᠭᠤᠯᠤᠨ᠂ ᠡᠯᠰᠡᠬᠦ ᠡᠲᠡᠭᠡᠳ ᠲᠠᠢ ᠨᠢᠭᠡᠳ ᠨᠢᠭᠡ ᠪᠠᠷ | ᠰᠡᠳᠬᠢᠯ ᠤᠨ ᠦᠭᠡ ᠪᠠᠨ ᠶᠠᠷᠢᠯᠴᠠᠪᠠ᠃ ᠨᠠᠮ ᠤᠨ ᠭᠡᠰᠢᠭᠦᠨ ᠤ ᠲᠠᠩᠰᠠ ᠡᠪᠬᠡᠮᠡᠯ ᠢ ᠴᠠᠭ ᠲᠤᠬᠠᠶ ᠳᠤᠨᠢ ᠬᠢᠨᠠᠨ | ᠪᠠᠶᠢᠴᠠᠭᠠᠬᠤ ᠲᠦᠷᠢᠮ ᠢ ᠪᠠᠷᠢᠮᠲᠠᠯᠠᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ | ᠵᠢᠷᠤᠮᠯᠠᠨ᠂ ᠬᠤᠷᠠᠯ ᠤᠨ ᠲᠡᠮᠳᠡᠭᠯᠡᠯ᠂ ᠵᠠᠷᠯᠠᠨ ᠨᠡᠶᠢᠲᠡᠯᠡᠬᠦ ᠵᠡᠷᠭᠡ ᠪᠣᠳᠠᠲᠤ ᠲᠡᠮᠳᠡᠭᠯᠡᠯ ᠲᠠᠩᠰᠠ ᠡᠪᠬᠡᠮᠡᠯ ᠤᠨ | ᠮᠠᠲ᠋ᠧᠷᠢᠶᠠᠯ ᠤᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ︽ᠨᠢᠭᠡ ᠨᠢᠭᠡ ᠠᠯᠬᠤᠮ ᠢᠶᠠᠷ ᠪᠣᠭᠤᠮᠲᠠ ᠶᠢ | ᠠᠳᠬᠤᠵᠤ︾᠂ ᠨᠠᠮ ᠤᠨ ᠭᠡᠰᠢᠭᠦᠨ ᠡᠯᠰᠡᠬᠦ ᠲᠠᠰ ᠳᠠᠷᠠᠭᠠᠯᠠᠯ ᠨᠢ ᠵᠢᠷᠤᠮᠵᠢᠯ ᠲᠠᠢ᠂ ᠮᠠᠲ᠋ᠧᠷᠢᠶᠠᠯ ᠨᠢ ᠪᠦᠷᠢᠨ | ᠬᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠬᠥᠭᠵᠢᠭᠦᠯᠬᠦ ᠡᠲᠡᠭᠡᠳ ᠤᠨ ︽ᠬᠥᠮᠦᠵᠢᠭᠦᠯᠬᠦ ᠪᠣᠭᠤᠮᠲᠠ︾ ᠶᠢ ᠴᠢᠩᠭ᠎ᠠ ᠰᠠᠬᠢᠵᠤ᠂ ︽ᠬᠠᠪᠰᠤᠷᠤᠨ | ᠵᠢᠯᠤᠭᠤᠳᠤᠭᠴᠢ︾ ᠪᠣᠯᠬᠤ ᠬᠡᠷᠡᠭᠲᠡᠢ᠃ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ | ᠡᠳᠦᠷ ᠵᠡᠷᠭᠡ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠡᠳᠦᠷ ᠲᠤᠲᠤᠮ ᠤᠨ ᠬᠥᠮᠦᠵᠢᠯ ᠬᠥᠮᠦᠵᠢᠯ ᠢ | ᠴᠢᠩᠭᠠᠳᠬᠠᠨ᠂ ᠬᠠᠷᠢᠯᠴᠠᠬᠤ ᠬᠥᠮᠦᠨ᠂ ᠨᠠᠮ ᠳᠤ ᠣᠷᠣᠵᠤ ᠲᠠᠨᠢᠯᠴᠠᠭᠤᠯᠤᠭᠴᠢ ᠶᠢ ᠬᠥᠮᠦᠵᠢᠭᠦᠯᠬᠦ ᠡᠭᠦᠷᠭᠡ | ᠬᠠᠷᠢᠭᠤᠴᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠦᠨᠳᠦᠰᠦᠨ ᠮᠡᠳᠡᠯᠭᠡ ᠶᠢ ᠪᠠᠶᠢᠩᠭᠤ ᠶᠢᠨ | ᠴᠢᠨᠠᠷᠲᠠᠶ ᠪᠠᠷ ᠲᠠᠶᠢᠯᠪᠤᠷᠢᠯᠠᠨ᠂ ᠬᠠᠨᠳᠤᠯᠭᠠᠲᠤ ᠴᠢᠨᠠᠷᠲᠠᠶ ᠪᠠᠷ ᠬᠥᠮᠦᠵᠢᠭᠦᠯᠦᠨ ᠬᠥᠲᠥᠯᠦᠨ ᠵᠢᠯᠣᠭᠤᠳᠴᠤ᠂ | ᠬᠥᠮᠦᠵᠢᠭᠦᠯᠵᠦ ᠰᠢᠨᠵᠢᠯᠡᠨ ᠪᠠᠶᠢᠴᠠᠭᠠᠬᠤ ᠶᠢ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠤᠨ᠂ ᠡᠩ ᠤᠨ | ᠪᠠᠶᠢᠳᠠᠯ ᠳᠤ ᠠᠳᠬᠤᠬᠤ ᠶᠢ ᠦᠨᠡᠨᠬᠦ ᠠᠬᠢᠭᠤᠯᠤᠨ᠎ᠠ᠃ ᠨᠠᠮᠴᠢ ᠴᠢᠨᠠᠷ ᠤᠨ ᠦᠢᠯᠡᠳᠦᠯᠭᠡ ᠶᠢᠨ ᠳᠠᠪᠲᠠᠯᠲᠠ ᠶᠢ | ᠴᠢᠩᠭᠠᠳᠬᠠᠵᠤ᠂ ᠡᠭᠦᠷᠭᠡ ᠲᠤᠰᠢᠶᠠᠬᠤ᠂ ᠡᠭᠦᠷᠭᠡ ᠳᠠᠷᠤᠬᠤ ᠶᠢ ᠪᠠᠷᠢᠮᠲᠠᠯᠠᠵᠤ᠂ ᠨᠠᠮ ᠳᠤ ᠤᠷᠤᠭᠰᠠᠨ | ᠢᠳᠡᠪᠬᠢᠲᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠤᠨ ᠳᠡᠮᠵᠢᠵᠦ᠂ ᠦᠢᠯᠡᠳᠦᠯᠭᠡ ᠶᠢᠨ ᠳᠤᠮᠳᠠ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ | ᠪᠣᠯᠪᠠᠰᠤᠷᠠᠭᠤᠯᠵᠤ᠂ ᠨᠠᠮᠴᠢ ᠴᠢᠨᠠᠷ ᠤᠨ ᠰᠠᠭᠤᠷᠢ ᠶᠢ ᠪᠠᠲᠤ ᠴᠣᠭᠴᠠᠯᠠᠨ᠎ᠠ᠃ |