ᠵᠡᠭᠡᠯᠢ ᠭᠤᠳᠤᠮᠵᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠶᠤᠯᠲᠠᠶ ᠬᠢᠮᠢ ᠶᠢᠨ ᠪᠣᠳᠠᠰ ᠢ ᠬᠠᠤᠯᠢ ᠪᠤᠰᠤ ᠪᠠᠷ ᠬᠠᠳᠠᠭᠠᠯᠠᠬᠤ᠂ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠶ
ᠨᠡᠶᠢᠲᠡᠯᠡᠭᠰᠡᠨ ᠴᠠᠭ᠄
2021/4/25
     4 ᠰᠠᠷ᠎ᠠ ᠶᠢᠨ 23 ᠤ ᠡᠳᠦᠷ᠂ ᠰᠤᠬᠠᠶᠢᠲᠤ ᠵᠡᠭᠡᠯᠢ ᠭᠤᠳᠤᠮᠵᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠢᠶᠤᠤ ᠽᠢ ᠭᠸᠤ ᠶᠢᠨ ᠲᠣᠮᠢᠯᠠᠭᠰᠠᠨ ᠰᠠᠯᠪᠤᠷᠢ ᠵᠡᠷᠭᠡ ᠣᠯᠠᠨ ᠰᠠᠯᠠᠭ᠎ᠠ ᠮᠥᠴᠢᠷ ᠲᠠᠢ ᠬᠤᠯᠪᠤᠭᠠᠯᠠᠵᠦ  ᠂ ᠬᠤᠸᠠᠩ ᠪᠠᠶ ᠽᠢ ᠨᠡᠶᠢᠭᠡᠮ ᠲᠣᠭᠤᠷᠢᠭ ᠤᠨ ᠳᠣᠲᠣᠷᠠᠬᠢ ᠨᠢᠭᠡ ᠶᠡᠭᠡ ᠬᠦᠷᠢᠶᠡᠨ ᠳᠤ ᠭᠡᠨᠡᠳᠲᠡ ᠶᠢᠨ ᠪᠠᠶᠢᠴᠠᠭᠠᠯᠲᠠ ᠬᠢᠪᠡ᠃      ᠲᠤᠬᠠᠶ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ᠂ ᠪᠠᠶᠢᠴᠠᠭᠠᠯᠲᠠ ᠪᠠᠷ ᠳᠠᠮᠵᠢᠨ ᠲᠣᠰᠣ ᠬᠠᠳᠠᠭᠠᠯᠠᠬᠤ ᠰᠠᠪᠠ ᠪᠠᠶᠢᠬᠤ ᠶᠢ ᠮᠡᠳᠡᠭᠰᠡᠨ ᠤ ᠳᠠᠷᠠᠭ᠎ᠠ᠂ ᠠᠵᠢᠯᠲᠠᠳ ᠲᠣᠰᠣᠨ ᠰᠠᠪᠠ ᠵᠢᠴᠢ ᠲᠣᠰᠣᠨ ᠰᠠᠪᠠ ᠳᠣᠲᠣᠷᠠᠬᠢ ᠲᠣᠰᠣᠨ ᠤ ᠴᠢᠨᠠᠷ ᠢ ᠨᠠᠷᠢᠨ ᠨᠢᠮᠪᠠᠶ ᠪᠠᠶᠢᠴᠠᠭᠠᠨ ᠰᠢᠯᠭᠠᠵᠤ᠂ ᠡᠭᠦᠨ ᠤ ᠬᠠᠮᠲᠤ ᠶᠡᠭᠡ ᠬᠦᠷᠢᠶᠡᠨ ᠤ ᠬᠠᠷᠢᠭᠤᠴᠠᠯᠭᠠᠲᠠᠨ᠂ ᠡᠷᠭᠢᠨ ᠲᠣᠭᠤᠷᠢᠨ ᠤ ᠰᠠᠭᠤᠭᠠᠯᠢ ᠠᠷᠠᠳ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠬᠡᠰᠡᠭ ᠲᠣᠭᠤᠷᠢᠭ ᠤᠨ ᠠᠷᠠᠳ ᠤᠨ ᠴᠠᠭᠳᠠᠭ᠎ᠠ ᠲᠠᠢ ᠶᠠᠷᠢᠯᠴᠠᠵᠤ ᠣᠶᠢᠯᠠᠭᠠᠭᠰᠠᠨ ᠤ ᠳᠠᠷᠠᠭ᠎ᠠ᠂ ᠲᠡᠭᠦᠨ ᠤ ᠲᠣᠰᠣᠨ ᠰᠠᠪᠠᠨ ᠳᠤ ᠬᠠᠳᠠᠭᠠᠯᠠᠵᠦ ᠪᠠᠶᠢᠭ᠎ᠠ ᠨᠢ ᠴᠢᠶ᠋ᠢᠦ ᠪᠢᠰᠢ᠂ ᠥᠪᠡᠰᠦᠪᠡᠨ ᠬᠡᠷᠡᠭᠯᠡᠬᠦ ᠪᠠᠭ᠎ᠠ ᠬᠡᠮᠵᠢᠶᠡᠨ ᠤ ᠴᠠᠶᠢᠶ᠋ᠢᠦ ᠲᠣᠰᠣ ᠪᠤᠯᠬᠤ ᠶᠢ ᠣᠯᠵᠦ ᠮᠡᠳᠡᠵᠠᠢ᠃ ᠭᠡᠪᠡᠴᠦ ᠲᠣᠰ ᠲᠣᠰᠣᠨ ᠰᠠᠪᠠ ᠬᠠᠳᠠᠭᠠᠯᠠᠬᠤ ᠭᠠᠵᠠᠷ ᠲᠤ ᠴᠠᠬᠢᠯᠭᠠᠨ ᠭᠠᠩᠨᠠᠯᠲᠠ ᠵᠡᠷᠭᠡ ᠪᠠᠭᠠᠵᠢ ᠬᠡᠷᠡᠭᠰᠡᠯ ᠢ ᠬᠠᠮᠲᠤ ᠳᠤᠨᠢ ᠬᠠᠳᠠᠭᠠᠯᠠᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ᠂ ᠠᠵᠢᠯᠲᠠᠨ ᠠᠴᠠ ᠲᠣᠰ ᠶᠡᠭᠡ ᠬᠦᠷᠢᠶᠡᠨ ᠤ ᠬᠠᠷᠢᠭᠤᠴᠠᠯᠭᠠᠲᠠᠨ ᠳᠤ ᠰᠠᠨᠠᠭᠤᠯᠤᠨ ᠶᠠᠷᠢᠯᠴᠠᠭᠰᠠᠨ ᠤ ᠳᠠᠷᠠᠭ᠎ᠠ᠂ ᠲᠠᠪᠤᠨ ᠡᠳᠦᠷ ᠤᠨ ᠳᠣᠲᠣᠷ᠎ᠠ ᠲᠣᠰ ᠲᠣᠰᠣᠨ ᠰᠠᠪᠠ ᠶᠢ ᠨᠤᠷᠠᠭᠠᠬᠤ ᠬᠡᠷᠡᠭᠲᠡᠶ ᠭᠡᠵᠦ ᠵᠠᠷᠯᠢᠭᠳᠠᠵᠠᠶ᠃
     ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂  ᠰᠤᠬᠠᠶᠢᠲᠤ ᠵᠡᠭᠡᠯᠢ ᠭᠤᠳᠤᠮᠵᠢ ᠨᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠲᠤᠤᠷᠠᠯᠵᠢ ᠪᠠᠷ ᠨᠢᠭᠡᠴᠢ ᠪᠣᠯᠭᠠᠭᠰᠠᠨ ᠭᠤᠷᠪᠠᠨ ᠳᠡᠰ ᠤᠨ ᠠᠶᠤᠯᠭᠦᠶ ᠦᠢᠯᠡᠳᠪᠦᠷᠢᠯᠡᠯ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ︽ᠴᠡᠭ ᠲᠤ ᠰᠠᠭᠤᠭᠰᠠᠨ ᠺᠠᠳ᠋ᠷ + ᠨᠡᠶᠢᠭᠡᠮ ᠲᠣᠭᠤᠷᠢᠭ ᠤᠨ ᠱᠦᠵᠢ + ᠰᠦᠯᠵᠢᠶᠡᠨ ᠤ ᠠᠵᠢᠯᠲᠠᠨ︾ ᠤ ᠰᠦᠯᠵᠢᠶᠡᠨ ᠤ ᠲᠠᠰᠤᠯᠪᠤᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠵᠤ ᠵᠠᠰᠠᠬᠤ ᠶᠢᠨ ᠲᠠᠰ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠬᠥᠮᠦᠨ ᠢ ᠲᠣᠭᠲᠠᠭᠠᠬᠤ ᠶᠢ ᠪᠡᠶᠡᠯᠡᠭᠦᠯᠦᠨ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠵᠡᠷᠭᠡ ᠳᠤ ᠠᠶᠤᠯᠭᠦᠶ ᠦᠢᠯᠡᠳᠪᠦᠷᠢᠯᠡᠯ ᠤᠨ ᠠᠵᠢᠯᠲᠠᠨ 39 ᠰᠤᠯᠠ ᠪᠠᠶᠢᠭ᠎ᠠ ᠲᠣᠮᠣ ᠬᠦᠷᠢᠶ᠎ᠡ᠂ ᠦᠢᠯᠡᠳᠪᠦᠷᠢ ᠶᠢᠨ ᠬᠡᠷ ᠪᠠᠶᠢᠰᠢᠩ ᠳᠤ ᠨᠢᠭᠡᠳ ᠨᠢᠭᠡ ᠪᠠᠷ ᠲᠠᠩᠰᠠ ᠡᠪᠬᠡᠮᠡᠯ ᠪᠠᠶᠢᠭᠤᠯᠤᠨ᠂ ︽ᠡᠷᠦᠬᠡ︾ ᠳᠤ ᠲᠡᠮᠳᠡᠭᠯᠡᠭᠦᠯᠬᠦ ᠶᠢᠨ ᠬᠠᠮᠲᠤ᠂ ᠦᠢᠯᠡᠳᠪᠦᠷᠢ ᠶᠢᠨ ᠬᠡᠷ ᠪᠠᠶᠢᠰᠢᠩ ᠤᠨ ᠲᠣᠮᠣ ᠬᠦᠷᠢᠶᠡᠨ ᠤ ᠡᠷᠬᠡᠲᠦ ᠬᠥᠮᠦᠨ ᠳᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠮᠡᠳᠡᠭᠳᠡᠬᠦ ᠪᠢᠴᠢᠭ ᠪᠠᠭᠤᠯᠭᠠᠵᠤ᠂ ᠲᠡᠳᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠪᠠ᠃ ᠲᠠᠷᠠᠭᠠᠴᠢ ᠶᠢᠨ ᠠᠯᠬᠤᠮ ᠳᠤ ᠵᠡᠭᠡᠯᠢ ᠭᠤᠳᠤᠮᠵᠢ ᠶᠢᠨ ᠬᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠢ ᠠᠷᠢᠯᠭᠠᠬᠤ ᠶᠢ ᠪᠠᠲᠤᠯᠠᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号