ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠳᠥᠷᠪᠡᠨ ᠬᠢᠴᠢᠶᠡᠯ ᠤᠨ ᠲᠠᠩᠬᠢᠮ︾ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/4/25
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠯᠢᠶᠠᠩ ᠵᠢᠶᠠ ᠭᠸᠤ ᠵᠡᠭᠡᠯᠢ ᠭᠤᠳᠤᠮᠵᠢ ᠶᠢᠨ ᠡᠯ᠎ᠡ ᠨᠠᠮ ᠤᠨ ᠡᠭᠦᠷ ᠤᠨ ᠬᠢᠨ ᠨᠡᠩ ᠪᠠᠶᠠᠯᠢᠭ ᠰᠤᠷᠤᠯᠴᠠᠯᠭ᠎ᠠ ᠬᠥᠮᠦᠵᠢᠯ ᠤᠨ ᠬᠡᠯᠪᠡᠷᠢ ᠪᠠ ᠠᠭᠤᠯᠭ᠎ᠠ ᠪᠠᠷ ︽ᠵᠢᠪᠡᠭᠦᠨ ᠬᠡᠯᠪᠡᠷᠢ︾ ᠶᠢᠨ ᠰᠤᠷᠤᠯᠴᠠᠯᠭ᠎ᠠ ᠣᠶᠢᠯᠠᠭᠠᠯᠲᠠ ᠶᠢ ᠡᠭᠦᠳᠴᠦ᠂ ᠨᠠᠮ ᠤᠨ ᠭᠡᠰᠢᠭᠦᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠪᠠ᠃      ︽ᠲᠣᠭᠲᠠᠮᠠᠯ ᠬᠢᠴᠢᠶᠡᠯ ᠤᠨ ᠲᠠᠩᠬᠢᠮ︾ ᠨᠢ ᠰᠤᠷᠤᠯᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠨᠢᠭᠡ ᠦᠶ᠎ᠡ ᠥᠷᠭᠡᠳᠬᠡᠵᠡᠶ᠃ 4 ᠰᠠᠷ᠎ᠠ ᠶᠢᠨ 19 ᠤ ᠡᠳᠦᠷ᠂ ᠪᠠᠶᠢᠭᠤᠯᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠭᠠᠷᠠᠭ ᠪᠦᠷᠢ ᠶᠢᠨ ᠨᠢᠭᠡᠨ ᠤ ︽ᠲᠣᠭᠲᠠᠮᠠᠯ ᠬᠢᠴᠢᠶᠡᠯ ᠤᠨ ᠲᠠᠩᠬᠢᠮ︾ ᠤᠨ ᠲᠥᠪᠯᠡᠷᠡᠩᠭᠦᠢ ᠰᠤᠷᠤᠯᠴᠠᠯᠭ᠎ᠠ ᠶᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠢ ᠬᠤᠷᠠᠯᠳᠤᠭᠤᠯᠤᠭᠰᠠᠨ ᠠᠴᠠ ᠨᠠᠰᠢ᠂ ᠡᠯ᠎ᠡ ᠨᠠᠮ ᠤᠨ ᠡᠭᠦᠷ ᠭᠤᠣᠯ ᠰᠡᠳᠦᠪᠲᠦ ᠨᠠᠮ ᠤᠨ ᠡᠳᠦᠷ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠡᠷᠭᠡ ᠠᠵᠢᠯᠯᠠᠭ᠎ᠠ ᠲᠠᠢ ᠤᠶᠠᠯᠳᠤᠭᠤᠯᠤᠨ ᠪᠦᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠲᠦᠷᠦᠭᠦᠯᠡᠨ ᠨᠠᠮ ᠤᠨ ᠲᠡᠦᠬᠡ ᠶᠢ ᠰᠤᠷᠤᠯᠴᠠᠭᠤᠯᠵᠤ᠂ ︽ᠨᠠᠮ ᠤᠨ ᠲᠡᠦᠬᠡ ᠶᠢ ᠣᠶᠢᠯᠠᠭᠠᠵᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ ᠶᠢ ᠪᠦᠬᠦ ᠭᠡᠰᠢᠭᠦᠳ ᠤᠨ ᠵᠠᠪᠠᠯ ᠰᠤᠷᠬᠤ ᠬᠢᠴᠢᠶᠡᠯ ᠪᠣᠯᠭᠠᠪᠠ᠃ ᠰᠤᠷᠭᠠᠨ ᠬᠥᠮᠦᠵᠢᠯ ᠤᠨ ᠺᠢᠨᠣ᠋ ᠦᠵᠡᠬᠦ ᠂ ᠲᠥᠪᠯᠡᠷᠡᠭᠦᠯᠦᠨ ᠰᠤᠷᠤᠯᠴᠠᠬᠤ᠂ ᠲᠤᠷᠰᠢᠯᠭ᠎ᠠ ᠪᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦ ᠨᠠᠮ ᠤᠨ ᠭᠡᠰᠢᠭᠦᠳ ᠢ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠳᠤᠮᠳᠠ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠬᠡᠪ ᠳᠠᠭᠤᠷᠢᠶᠠᠯ ᠳᠤᠮᠳᠠ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠪᠣᠳᠠᠲᠠᠶ ᠶᠢ ᠡᠷᠬᠢᠮᠯᠡᠨ ᠠᠷᠠᠳ ᠤᠨ ᠲᠥᠯᠥᠭᠡ ᠵᠢᠳᠬᠦᠬᠦ ᠳᠤᠮᠳᠠ ᠵᠢᠳᠬᠦᠯ ᠴᠢᠷᠮᠠᠶᠢᠯᠭ᠎ᠠ ᠪᠠᠨ ᠳᠡᠭᠡᠭᠰᠢᠯᠡᠭᠦᠯᠬᠦ ᠶᠢ ᠱᠠᠭᠠᠷᠳᠠᠪᠠ᠃       ︽ᠪᠣᠳᠠᠲᠤ ᠦᠵᠡᠮᠵᠢ ᠶᠢᠨ ᠬᠢᠴᠢᠶᠡᠯ ᠤᠨ ᠲᠠᠩᠬᠢᠮ︾ ᠨᠢ ᠰᠤᠷᠤᠯᠴᠠᠯᠭ᠎ᠠ ᠶᠢᠨ ᠲᠦᠷᠦᠭᠳᠡᠯ ᠢ ᠨᠢᠭᠡ ᠦᠶ᠎ᠡ ᠭᠦᠨᠵᠡᠭᠡᠶᠢᠷᠡᠭᠦᠯᠵᠡᠢ᠃ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠲᠡᠦᠬᠡ ᠶᠢᠨ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠰᠣᠨᠣᠰᠴᠤ᠂ ᠬᠤᠪᠢᠰᠬᠠᠯ ᠤᠨ ᠵᠣᠷᠢᠭ ᠰᠠᠨᠠᠭ᠎ᠠ ᠶᠢ ᠲᠠᠬᠢᠨ ᠰᠠᠨᠠᠭᠠᠯᠵᠠᠵᠤ᠂ ᠦᠵᠡᠯ ᠰᠠᠨᠠᠭᠠᠨ ᠤ ᠤᠶᠤᠨ ᠰᠠᠨᠠᠭᠠᠨ ᠤ ᠭᠦᠨ ᠳᠤ ᠤᠬᠢᠶᠠᠯ ᠪᠠ ᠬᠥᠮᠦᠵᠢᠯ ᠬᠦᠷᠳᠡᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠡᠷᠡᠯᠬᠡᠭ ᠵᠣᠷᠢᠭ᠂ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ᠂ ᠲᠩᠷᠢ ᠭᠠᠵᠠᠷ ᠢ ᠳᠣᠩᠰᠣᠯᠭᠠᠮ᠎ᠠ ᠬᠤᠪᠢᠰᠬᠠᠯᠲᠤ ᠵᠣᠷᠢᠭ ᠰᠠᠨᠠᠭ᠎ᠠ ᠶᠢ ᠠᠵᠢᠯ ᠤᠨ ᠪᠠᠶᠢᠷᠢ ᠳᠠᠭᠠᠨ ᠰᠠᠭᠤᠷᠢᠯᠠᠭᠰᠠᠨ᠂ ᠡᠷᠡᠯᠬᠡᠭᠯᠡᠨ ᠠᠵᠢᠯᠯᠠᠭᠰᠠᠨ ᠪᠣᠳᠠᠲᠤ ᠠᠵᠢᠯᠯᠠᠭ᠎ᠠ ᠪᠠ ᠬᠦᠴᠢᠷ ᠢ ᠲᠤᠭᠤᠯᠤᠨ ᠬᠦᠴᠢᠷ ᠢ ᠲᠤᠭᠤᠯᠤᠭᠰᠠᠨ᠂ ᠠᠵᠢᠯ ᠬᠢᠵᠦ ᠦᠢᠯᠡᠰ ᠴᠣᠭᠴᠠᠯᠠᠭᠰᠠᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︽ᠬᠢᠴᠢᠶᠡᠯ ᠤᠨ ᠲᠠᠩᠬᠢᠮ ᠳᠤ ᠣᠷᠣᠬᠤ︾ ᠨᠢ ᠰᠤᠷᠤᠯᠴᠠᠯᠭ᠎ᠠ ᠶᠢᠨ ᠠᠷᠭ᠎ᠠ ᠮᠠᠶ᠋ᠢᠭ ᠢ ᠨᠢᠭᠡ ᠦᠶ᠎ᠡ ᠰᠢᠨ᠎ᠡ ᠰᠣᠷᠭᠤᠭ ᠪᠣᠯᠭᠠᠵᠠᠶ᠃ ᠰᠤᠷᠤᠯᠴᠠᠬᠤ᠂ ᠤᠬᠠᠭᠤᠯᠬᠤ᠂ ᠬᠥᠮᠦᠵᠢᠭᠦᠯᠬᠦ᠂ ᠰᠣᠯᠢᠯᠴᠠᠬᠤ ︽ᠲᠦᠷᠪᠡ ᠶᠢ ᠨᠢᠭᠡ ᠴᠤᠬᠴᠠᠵᠢᠭᠤᠯᠬᠤ︾ ᠨᠠᠮ ᠤᠨ ᠭᠡᠰᠢᠭᠦᠨ ᠤ ᠬᠥᠮᠦᠵᠢᠯ ᠤᠨ ᠠᠵᠢᠯ ᠤᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠡᠯ᠎ᠡ ᠨᠠᠮ ᠤᠨ ᠡᠭᠦᠷ ᠤᠨ ᠬᠢᠨ ᠨᠠᠮ ᠤᠨ ᠭᠡᠰᠢᠭᠦᠨ ᠤ ᠰᠦᠯᠵᠢᠶᠡᠨ ᠳᠡᠭᠡᠷᠡᠬᠢ ᠰᠤᠷᠤᠯᠴᠠᠯᠭ᠎ᠠ ᠰᠣᠯᠢᠯᠴᠠᠭᠠᠨ ᠤ ᠪᠦᠯᠬᠦᠮ ᠢ ᠪᠠᠶᠢᠭᠤᠯᠵᠤ᠂ ᠨᠠᠮ ᠤᠨ ᠲᠡᠦᠬᠡ ᠶᠢ ᠰᠤᠷᠤᠯᠴᠠᠵᠤ ᠬᠠᠮᠲᠤᠪᠠᠷ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠬᠤ ᠲᠥᠯᠥᠪᠯᠡᠭᠡ ᠶᠣᠰᠣᠭᠠᠷ᠂ ᠵᠢᠷᠬᠢᠶ᠎ᠡ ᠶᠢᠨ ᠪᠦᠯᠬᠦᠮ ᠳᠤ ᠬᠢᠴᠢᠶᠡᠯ ᠤᠨ ᠴᠠᠭ ᠤᠨ ᠱᠠᠭᠠᠷᠳᠠᠯᠭ᠎ᠠ ᠶᠣᠰᠣᠭᠠᠷ ᠰᠤᠷᠤᠯᠴᠠᠬᠤ ᠠᠭᠤᠯᠭ᠎ᠠ ᠶᠢ ᠳᠡᠪᠰᠢᠭᠦᠯᠬᠦ ᠶᠢᠨ ᠬᠠᠮᠲᠤ ᠭᠤᠣᠯᠳᠠᠯᠭ᠎ᠠ ᠪᠠᠨ ᠬᠤᠪᠢᠶᠠᠷᠢᠯᠠᠨ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ᠲᠡᠮᠳᠡᠭᠯᠡᠯ ᠢ ᠰᠠᠶᠢᠲᠤᠷ ᠬᠢᠪᠡ᠃ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢ ᠭᠦᠢᠴᠡᠳ ᠠᠰᠢᠭᠯᠠᠵᠤ᠂ ᠤᠯᠤᠰ ᠢᠶᠠᠨ ᠬᠦᠴᠦᠷᠬᠡᠭᠵᠢᠭᠦᠯᠬᠦ ᠵᠡᠷᠭᠡ ᠲᠠᠪᠴᠠᠩ ᠢ ᠰᠤᠷᠤᠯᠴᠠᠵᠤ᠂ ᠡᠳᠦᠷ ᠪᠦᠷᠢ ᠨᠠᠮ ᠤᠨ ᠲᠡᠦᠬᠡ ᠶᠢᠨ ᠮᠡᠳᠡᠯᠭᠡ ᠶᠢ ᠳᠡᠯᠭᠡᠷᠡᠭᠦᠯᠵᠦ᠂ ᠨᠠᠮ ᠤᠨ ᠦᠵᠡᠯ ᠰᠠᠨᠠᠭ᠎ᠠ ᠤᠨᠤᠯ ᠢ ᠡᠭᠦᠳᠦᠨ ᠪᠠᠶᠢᠭᠤᠯᠤᠭᠰᠠᠨ ᠂ ᠬᠥᠭᠵᠢᠭᠦᠯᠦᠭᠰᠡᠨ ᠪᠠ ᠲᠡᠭᠦᠯᠳᠡᠷᠵᠢᠭᠦᠯᠦᠭᠰᠡᠨ ᠲᠡᠦᠬᠡᠨ ᠠᠬᠢᠴᠠ ᠶᠢ ᠰᠢᠰᠲ᠋ᠧᠮ ᠲᠠᠢ ᠣᠶᠢᠯᠠᠭᠠᠵᠤ᠂ ᠨᠠᠮ ᠤᠨ ᠭᠡᠰᠢᠭᠦᠨ ᠤ ᠲᠡᠷᠢᠭᠦᠨ ᠤ ᠨᠡᠶᠢᠲᠡᠯᠢᠭ ᠵᠢᠱᠢᠶᠡᠴᠢ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠨᠠᠮ ᠤᠨ ᠭᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠭᠠᠪᠢᠶ᠎ᠠ ᠠᠤᠭ᠎ᠠ ᠵᠢᠳᠬᠦᠯ ᠢ ᠶᠡᠭᠡ ᠪᠠᠷ ᠤᠬᠠᠭᠤᠯᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ᠎ᠠ᠃      ︽ᠦᠢᠯᠡᠳᠦᠯᠭᠡ ᠶᠢᠨ ᠬᠢᠴᠢᠶᠡᠯ ᠤᠨ ᠲᠠᠩᠬᠢᠮ︾ ᠨᠢ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠢᠭᠡ ᠦᠶ᠎ᠡ ᠭᠦᠨᠵᠡᠭᠡᠶᠢᠷᠡᠭᠦᠯᠵᠡᠢ᠃ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠵᠤ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠦᠢᠯᠡᠳᠦᠯ ᠢᠶᠠᠨ ᠪᠠᠳᠠᠷᠠᠭᠤᠯᠬᠤ ᠳᠤ ᠬᠥᠳᠡᠯᠦᠩᠭᠦᠢ ᠬᠠᠮᠢᠶᠠᠷᠤᠯᠲᠠ ᠶᠠᠪᠤᠭᠤᠯᠵᠤ᠂ ︽ᠬᠠᠷᠢᠯᠴᠠᠨ ᠬᠥᠭᠡᠭᠡᠴᠡᠯᠳᠦᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ︽ᠦᠬᠡᠷ ᠮᠡᠲᠦ︾ ᠶᠢᠨ ᠡᠷᠴᠢ ᠵᠣᠷᠢᠭ᠂ ︽ᠠᠲᠠᠷ ᠬᠠᠭᠠᠯᠪᠤᠷᠢᠯᠠᠬᠤ ᠦᠬᠡᠷ︾ ᠤᠨ ᠡᠷᠴᠢ ᠵᠣᠷᠢᠭ᠂ ︽ᠠᠷᠠᠯ ᠤᠨ ᠱᠠᠷ︾ ᠤᠨ ᠬᠠᠳᠠᠨ ᠵᠣᠷᠢᠭ ᠢᠶᠠᠷ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ ᠤᠨ ᠪᠠᠶᠢᠷᠢ ᠲᠣᠭᠲᠠᠭᠠᠨ ᠬᠠᠷᠢᠭᠤᠴᠠᠯᠭ᠎ᠠ ᠲᠣᠭᠲᠠᠭᠠᠬᠤ᠂ ᠠᠮᠠᠯᠠᠯᠲᠠ ᠪᠠᠨ ᠪᠡᠶᠡᠯᠡᠭᠦᠯᠬᠦ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ ᠶᠢ ᠵᠣᠷᠢᠭᠵᠢᠭᠤᠯᠤᠨ ᠠᠬᠢᠭᠤᠯᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠠᠴᠠ ᠭᠠᠷᠳᠠᠨ᠂ ᠬᠠᠮᠤᠭ ᠤᠨ ᠲᠤᠪᠤᠶᠢᠮ᠎ᠠ ᠠᠰᠠᠭᠤᠳᠠᠯ ᠠᠴᠠ ᠡᠬᠢᠯᠡᠨ ᠠᠳᠬᠤᠵᠤ᠂ ᠬᠠᠮᠤᠭ ᠤᠨ ᠪᠣᠳᠠᠲᠠᠢ ᠠᠰᠢᠭ ᠲᠤᠰᠠ ᠠᠴᠠ ᠡᠭᠦᠰᠦᠨ᠂ ᠤᠯᠠᠨ ᠲᠦᠮᠡᠨ ᠤ ︽ᠪᠠᠴᠢᠮᠳᠠᠬᠤ ᠶᠢᠨ ᠠᠷᠭ᠎ᠠ ᠦᠭᠡᠢ ᠵᠣᠪᠠᠭ᠋ᠤ ᠶᠢᠨ ᠠᠷᠭ᠎ᠠ ᠦᠭᠡᠢ︾ ᠵᠦᠢᠯᠡᠰ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号