4 ᠰᠠᠷ᠎ᠠ ᠶᠢᠨ 23 ᠤ ᠡᠳᠦᠷ ᠪᠣᠯ 26 ᠳ᠋ᠤᠭᠠᠷ ᠳᠡᠯᠡᠬᠡᠢ ᠶᠢᠨ ᠨᠣᠮ ᠤᠩᠰᠢᠬᠤ ᠡᠳᠦᠷ ᠪᠣᠯᠤᠨ᠎ᠠ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠲᠠᠢ ᠲᠣᠬᠢᠶᠠᠯᠳᠤᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠢ ᠥᠷᠨᠢᠯᠲᠡ ᠶᠢ ᠠᠬᠢᠭᠤᠯᠵᠤ᠂ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢᠨ | ᠲᠦᠯᠦᠭᠡ᠂ ᠶᠥᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠡ 4.23 ᠤ ᠡᠳᠦᠷ ︽ | ᠳᠡᠯᠡᠬᠡᠢ ᠶᠢᠨ ᠨᠣᠮ ᠤᠩᠰᠢᠬᠤ ᠡᠳᠦᠷ︾ ᠤᠨ ᠠᠵᠢᠯᠯᠠᠭ᠎ᠠ ᠶᠢ ᠡᠷᠬᠢᠯᠡᠵᠡᠢ᠃ | ᠲᠣᠰ ᠤᠳᠠᠭᠠᠨ ᠤ ᠠᠵᠢᠯᠯᠠᠭ᠎ᠠ ᠳᠤ ᠳᠡᠯᠡᠬᠡᠶ ᠶᠢᠨ ᠨᠣᠮ ᠤᠩᠰᠢᠬᠤ ᠡᠳᠦᠷ ᠤᠨ ᠢᠷᠡᠯᠲᠡ ᠶᠢ ᠲᠠᠨᠢᠯᠴᠠᠭᠤᠯᠬᠤ | ᠂ ᠬᠤᠪᠢᠰᠬᠠᠯ ᠤᠨ ᠰᠣᠩᠭᠤᠳᠠᠭ ᠥᠯᠢᠭᠡᠷ ᠢ ᠬᠤᠪᠢᠶᠠᠯᠴᠠᠨ ᠡᠳ᠋ᠯᠡᠬᠦ᠂ ᠨᠠᠮ ᠤᠨ ᠲᠡᠤᠬᠡ ᠶᠢᠨ ᠪᠠᠭ᠎ᠠ ᠮᠡᠳᠡᠯᠭᠡ ᠶᠢ | ᠥᠷᠢᠰᠥᠯᠳᠦᠨ ᠲᠠᠭᠠᠮᠠᠭᠯᠠᠬᠤ ᠵᠡᠷᠭᠡ ᠭᠤᠷᠪᠠᠨ ᠭᠤᠭᠴᠤᠭ᠎ᠠ ᠶᠢ ᠲᠣᠬᠢᠷᠠᠭᠤᠯᠤᠭᠰᠠᠨ ᠪᠠᠶᠢᠨ᠎ᠠ᠃ | ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠱᠢ | ᠫᠢᠩ ︽ᠬᠤᠯᠤᠰᠤᠨ ᠡᠰᠢᠨ ᠳᠤ ᠰᠡᠶᠢᠯᠦᠭᠰᠡᠨ ᠠᠷᠠᠳ ᠤᠨ ᠰᠡᠳᠬᠢᠯ︾ ᠢ ᠤᠯᠠᠨ ᠲᠠᠢ ᠬᠤᠪᠢᠶᠠᠯᠴᠠᠵᠤ᠂ ᠨᠡᠶᠢᠭᠡᠮ | ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠭᠡᠰᠢᠭᠦᠨ ᠵᠢᠶᠠᠩ ᠱᠢ ᠸᠧᠨ ︽ᠯᠢ ᠳ᠋ᠡ ᠵᠤᠤ ᠶᠢᠨ | ᠲᠤᠬᠠᠢ ᠲᠤᠯᠤᠭᠠᠨ ᠵᠢᠵᠢᠭ ᠦᠯᠢᠭᠡᠷ︾ ᠢ ᠬᠤᠪᠢᠶᠠᠯᠴᠠᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠵᠠᠩ | ᠶᠦᠩ ᠬᠤᠩ ︽ᠶᠤᠸᠠᠨ ᠢᠦᠢ ᠪᠢᠩ᠄ ᠠᠷᠢᠭᠤᠨ ᠴᠢᠰᠤ ᠪᠠᠷ ᠢᠶᠠᠨ ᠰᠢᠳᠤᠷᠭᠤ ᠰᠦᠨᠡᠰᠦ ᠶᠢ ᠱᠤᠭᠤᠵᠤ᠂ ᠤᠯᠤᠰ | ᠬᠦᠷᠦᠨ ᠤ ᠪᠠᠨ ᠲᠥᠯᠥᠭᠡ ᠵᠣᠷᠢᠭ ᠢᠶᠠᠨ ᠬᠥᠪᠴᠢᠯᠡᠨ᠎ᠡ︾ ᠵᠡᠷᠭᠡ 3 ᠬᠤᠪᠢᠰᠬᠠᠯ ᠤᠨ ᠰᠣᠩᠭᠤᠳᠠᠭ ᠵᠣᠬᠢᠶᠠᠯ ᠢ | ᠬᠤᠪᠢᠶᠠᠯᠴᠠᠪᠠ᠂ ᠡᠳᠡᠭᠡᠷ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠬᠤᠪᠢᠰᠬᠠᠯ ᠤᠨ ᠰᠣᠩᠭᠤᠳᠠᠭ | ᠪᠦᠲᠦᠭᠡᠯ ᠨᠢ ᠨᠠᠮ ᠤᠨ ᠭᠡᠰᠢᠭᠦᠳ ᠤᠨ ᠬᠠᠮᠲᠤ ᠶᠢᠨ ᠬᠦᠷᠢᠶᠡᠯᠡᠯ ᠢ ᠣᠯᠵᠤ᠂ ᠨᠢᠵᠢᠭᠢᠨᠡᠲᠡᠯ᠎ᠡ ᠠᠯᠠᠭ᠎ᠠ ᠲᠠᠰᠢᠯᠳᠠ ᠶᠢ | ᠤᠯᠪᠠ᠃ ᠠᠵᠢᠯᠯᠠᠭ᠎ᠠ ᠶᠢᠨ ᠳᠤᠮᠳᠠ ᠪᠠᠰᠠ ︽ᠨᠠᠮ ᠤᠨ ᠲᠡᠦᠬᠡ ᠶᠢᠨ ᠪᠠᠭ᠎ᠠ ᠮᠡᠳᠡᠯᠭᠡ ᠶᠢᠨ ᠥᠷᠢᠰᠥᠯᠳᠦᠭᠡᠨ ᠤ | ᠲᠠᠭᠠᠮᠠᠭᠯᠠᠯ︾ ᠤᠨ ᠭᠤᠭᠴᠤᠭ᠎ᠠ ᠨᠢ ᠲᠤᠰ ᠤᠳᠠᠭᠠᠨ ᠤ ᠠᠵᠢᠯᠯᠠᠭ᠎ᠠ ᠶᠢ ᠨᠡᠩ ᠴᠤ ᠣᠷᠭᠢᠯ ᠳᠤᠨᠢ ᠬᠦᠷᠭᠡᠭᠰᠡᠨ | ᠪᠠᠶᠢᠨ᠎ᠠ᠂ ᠲᠤᠬᠠᠶ ᠶᠢᠨ ᠲᠠᠯᠠᠪᠠᠶ ᠳᠤ ᠪᠠᠶᠢᠭᠰᠠᠨ ᠨᠠᠮ ᠤᠨ ᠭᠡᠰᠢᠭᠦᠳ ᠢᠳᠡᠪᠬᠢᠲᠡᠶ ᠪᠠᠷ ᠬᠠᠷᠢᠭᠤᠯᠲᠠ ᠥᠭᠴᠦ᠂ | ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠨ᠎ᠠ᠃ | ᠶᠠᠭ ᠨᠣᠮ ᠪᠢᠴᠢᠭ ᠤᠩᠰᠢᠬᠤ ᠦᠶ᠎ᠡ᠂ ᠰᠠᠶᠢᠨ ᠴᠠᠭ ᠢ ᠪᠢᠲᠡᠭᠡᠶ ᠬᠥᠰᠡᠷᠳᠡᠭᠦᠯ᠃ ᠳᠡᠯᠡᠬᠡᠶ ᠶᠢᠨ ᠨᠣᠮ | ᠤᠩᠰᠢᠬᠤ ᠡᠳᠦᠷ ᠪᠣᠯ ᠥᠨᠥᠳᠦᠷ᠂ ᠮᠠᠷᠭᠠᠰᠢ᠂ ᠡᠳᠦᠷ ᠪᠣᠯᠭᠠᠨ ᠮᠦᠨ᠂ ᠶᠦᠩ ᠴᠠᠩ ᠵᠢᠶᠠ ᠶᠤᠸᠠᠨ ᠨᠡᠶᠢᠭᠡᠮ | ᠲᠣᠭᠤᠷᠢᠭ ᠤᠨ ᠬᠢᠨ ᠪᠦᠬᠦ ᠠᠷᠠᠳ ᠢᠶᠠᠷ ᠢᠶᠠᠨ ᠨᠣᠮ ᠤᠩᠰᠢᠵᠤ᠂ ᠨᠣᠮ ᠤᠩᠰᠢᠬᠤ ᠳᠤᠮᠳᠠ ᠪᠠᠨ ᠰᠢᠯᠢᠳᠡᠭ ᠰᠠᠶᠢᠨ | ᠰᠠᠶᠢᠬᠠᠨ ᠶᠣᠰᠣ ᠮᠣᠷᠠᠯ ᠢ ᠵᠠᠯᠭᠠᠮᠵᠢᠯᠠᠵᠤ᠂ ᠰᠢᠯᠢᠳᠡᠭ ᠰᠠᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠪᠠ᠃ ᠨᠣᠮ | ᠤᠩᠰᠢᠬᠤ ᠳᠤᠮᠳᠠ ᠪᠠᠨ ᠬᠤᠪᠢᠰᠬᠠᠯ ᠤᠨ ᠬᠢᠨ ᠢ ᠤᠯᠠᠮᠵᠢᠯᠠᠵᠤ᠂ ᠬᠤᠪᠢᠰᠬᠠᠯ ᠤᠨ ᠴᠢᠰᠤᠨ ᠰᠤᠳᠠᠰᠤ ᠶᠢ | ᠦᠷᠭᠦᠯᠵᠢᠯᠡᠭᠦᠯᠵᠦ᠂ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ᠃ | | | | | |