ᠳᠠᠭᠠᠭᠠᠴᠢᠯᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠠᠵᠢᠯ ᠢ ᠴᠢᠨᠠᠭᠰᠢᠳᠠ ᠠᠬᠢᠭᠤᠯᠵᠦ᠂ ︽ᠪᠢ ᠤᠯᠠᠨ | ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ ᠥᠭᠬᠦ ᠶᠢᠨ | ᠲᠦᠯᠦᠭᠡ ᠰᠢᠩ ᠬᠤᠸᠠ ᠨᠡᠶᠢᠭᠡᠮ ᠲᠣᠭᠤᠷᠢᠭ ᠤᠨ ᠬᠢᠨ ᠤᠳᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠲᠠᠢ ︽ ᠳᠠᠭᠠᠭᠠᠴᠢᠯᠠᠨ ᠬᠤᠯᠪᠤᠭᠠᠯᠠᠬᠤ ᠱᠤᠭᠤᠮ︾ ᠢ ᠰᠠᠶᠢᠲᠤᠷ | ᠬᠤᠯᠪᠣᠭᠳᠠᠭᠤᠯᠬᠤ᠂ ︽ᠠᠷᠠᠳ ᠤᠨ ᠵᠣᠪᠠᠭᠤᠷᠢ ᠶᠢ ᠰᠢᠢᠳᠪᠦᠷᠢᠯᠡᠬᠦ︾ ᠡᠷᠡᠭᠦᠯ ᠬᠠᠮᠠᠭᠠᠯᠠᠯ ᠤᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ | ᠰᠤᠷᠪᠤᠯᠵᠢᠯᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠰᠤᠯᠠ ᠪᠠᠶᠢᠭ᠎ᠠ | ᠭᠠᠵᠠᠷ ᠲᠤ ᠶᠡᠭᠡ ᠬᠡᠮᠵᠢᠶᠡᠨ ᠤ ᠠᠮᠢᠳᠤᠷᠠᠯ ᠤᠨ ᠬᠤᠭ ᠨᠣᠪᠰᠢ ᠬᠠᠳᠠᠭᠠᠯᠠᠵᠤ ᠪᠠᠶᠢᠬᠤ ᠶᠢ ᠣᠯᠵᠦ ᠬᠠᠷᠠᠨ᠂ | ᠳᠠᠭᠠᠭᠠᠴᠢᠯᠠᠨ ᠬᠤᠯᠪᠤᠭᠠᠯᠠᠵᠦ ᠬᠠᠮᠳᠤᠪᠡᠷ ᠪᠠᠶᠢᠭᠤᠯᠬᠤ ᠨᠢᠭᠡᠴᠡ ᠲᠠᠢ ᠢᠳᠡᠪᠬᠢᠲᠡᠢ ᠪᠠᠷ ᠬᠠᠷᠢᠯᠴᠠᠵᠤ᠂ | ᠳᠠᠭᠠᠭᠠᠴᠢᠯᠠᠨ ᠬᠤᠯᠪᠤᠭᠠᠯᠠᠵᠦ ᠬᠠᠮᠳᠤᠪᠡᠷ ᠪᠠᠶᠢᠭᠤᠯᠬᠤ ᠨᠢᠭᠡᠴᠡ ᠨᠢ ᠤᠳᠠ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠬᠦᠴᠦᠲᠡᠢ ᠳᠡᠮᠵᠢᠯᠭᠡ ᠳᠣᠣᠷ᠎ᠠ᠂ ᠡᠯ᠎ᠡ ᠲᠦᠷᠦᠯ ᠤᠨ | ᠬᠤᠭ ᠨᠣᠪᠰᠢ ᠶᠢ 80 ᠲᠣᠨ ᠰᠢᠬᠠᠮ ᠴᠡᠪᠡᠷᠯᠡᠨ ᠵᠥᠭᠡᠭᠡᠪᠦᠷᠢᠯᠡᠪᠡ᠂ ᠡᠨᠡ ᠤᠳᠠᠭ᠎ᠠ ᠶᠢᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠨᠢ ᠬᠠᠷᠢᠶ᠎ᠠ ᠣᠷᠣᠨ ᠤ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ | ᠲᠦᠢᠯ ᠤᠨ ᠶᠡᠭᠡ ᠪᠠᠷ ᠰᠠᠶᠢᠵᠢᠷᠠᠭᠤᠯᠵᠤ᠂ ᠰᠠᠭᠤᠭᠠᠯᠢ ᠠᠷᠠᠳ ᠲᠤ ᠠᠷᠢᠭᠤᠨ ᠴᠡᠪᠡᠷ᠂ᠴᠡᠪᠡᠷ ᠳᠡᠭᠰᠢ᠂ | ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ | ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠨᠢ ᠯᠠᠪᠲᠠᠢ ᠰᠦᠷ ᠳᠠᠯᠠᠶᠢᠴᠠᠲᠠᠢ ᠶᠡᠭᠡ | ᠶᠠᠪᠤᠳᠠᠯ ᠪᠢᠰᠢ᠂ ᠨᠡᠩ ᠤᠯᠠᠨ ᠦᠶ᠎ᠡ ᠳᠤ ᠠᠷᠠᠳ ᠤᠯᠠᠨ ᠳᠤ ᠦᠨᠡᠨ ᠰᠡᠳᠬᠢᠯ ᠠᠴᠠ ᠪᠠᠨ ᠦᠢᠯᠡᠴᠢᠯᠡᠬᠦ | ᠴᠢᠬᠤᠯᠠᠲᠠᠢ ᠪᠠᠭ᠎ᠠ ᠶᠠᠪᠤᠳᠠᠯ ᠪᠣᠯᠤᠨ᠎ᠠ᠃ ᠢᠯᠠᠩᠭᠤᠶ᠎ᠠ ᠬᠠᠪᠤᠷ ᠤᠨ ᠤᠯᠠᠷᠢᠯ ᠳᠤ ᠡᠯ᠎ᠡ ᠵᠦᠢᠯ ᠤᠨ ᠬᠠᠯᠳᠠᠪᠤᠷᠢᠲᠤ | ᠡᠪᠡᠳᠴᠢᠨ ᠢ ᠠᠮᠠᠷᠬᠠᠨ ᠡᠭᠦᠰᠭᠡᠳᠡᠭ ᠴᠠᠭ ᠦᠶ᠎ᠡ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠨᠢ ᠠᠷᠠᠳ ᠤᠨ | ᠠᠮᠢᠳᠤᠷᠠᠯ ᠤᠨ ᠡᠷᠡᠭᠦᠯ ᠮᠡᠨᠳᠦ ᠲᠠᠢ ᠬᠤᠯᠪᠤᠭᠳᠠᠬᠤ ᠪᠠᠭ᠎ᠠ ᠶᠠᠪᠤᠳᠠᠯ ᠪᠣᠯᠬᠤ ᠪᠥᠭᠡᠳ ᠶᠡᠭᠡ ᠶᠠᠪᠤᠳᠠᠯ ᠪᠣᠯᠬᠤ ᠶᠤᠮ᠃ | | | ᠳᠠᠷᠠᠭᠠᠴᠢ ᠶᠢᠨ ᠠᠯᠬᠤᠮ ᠳᠤ᠂ ᠪᠢᠳᠡ ᠳᠠᠭᠠᠭᠠᠴᠢᠯᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ | ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠨᠠᠮ ᠤᠨ ᠭᠡᠰᠢᠭᠦᠨ ᠤ ᠨᠠᠮᠴᠢ ᠴᠢᠨᠠᠷ ᠤᠨ | ᠤᠬᠠᠮᠰᠠᠷ ᠪᠣᠯᠤᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ | ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠡ ᠦᠭᠡᠢ | ᠳᠡᠭᠡᠭᠰᠢᠯᠡᠭᠦᠯᠦᠨ᠎ᠡ᠃ | |