4 ᠰᠠᠷ᠎ᠠ ᠶᠢᠨ 29 ᠤ ᠡᠳᠦᠷ᠂ ᠤᠳᠠ ᠲᠣᠭᠤᠷᠢᠭ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠪᠠ᠃ | | ᠽᠦᠸᠧ ᠣᠪᠣᠭᠲᠤ᠂ 2021 ᠣᠨ ᠤ 4 ᠰᠠᠷ᠎ᠠ ᠶᠢᠨ 7 ᠤ ᠡᠳᠦᠷ ᠫᠠᠺᠢᠰᠲ᠋ᠠᠨ ᠠᠴᠠ ᠨᠢᠰᠬᠡᠯ ᠢᠶᠠᠷ ᠰᠢ | ᠠᠨ ᠢᠶᠠᠷ ᠳᠡᠮᠵᠢᠨ ᠬᠢᠯᠢ ᠳᠤ ᠣᠷᠣᠵᠤ᠂ ᠰᠢ ᠠᠨ ᠤ ᠰᠢᠶᠠᠨ ᠶᠠᠩ ᠨᠢᠰᠬᠡᠯ ᠤᠨ ᠪᠠᠭᠤᠳᠠᠯ ᠳᠤ 14 ᠡᠳᠦᠷ | ᠲᠥᠪᠯᠡᠷᠡᠭᠦᠯᠦᠨ ᠲᠤᠰᠠᠭᠠᠷᠯᠠᠵᠤ᠂ 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷᠲᠠᠶ | ᠪᠠᠶᠢᠵᠤ᠂ 4 ᠰᠠᠷ᠎ᠠ ᠶᠢᠨ 21 ᠤ ᠡᠳᠦᠷ ᠦᠬᠠᠶ ᠬᠤᠲᠠ ᠶᠢᠨ ᠤᠳᠠ ᠲᠣᠭᠤᠷᠢᠭ ᠤᠨ ᠬᠤᠤ ᠶᠧ ᠵᠢᠵᠢᠭ | ᠲᠣᠭᠤᠷᠢᠭ ᠤᠨ ᠬᠡᠷ ᠲᠡᠭᠡᠨ ᠪᠤᠴᠠᠨ ᠢᠷᠡᠵᠦ᠂ ᠦᠷᠭᠦᠯᠵᠢᠯᠡᠨ 7 ᠡᠳᠦᠷ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ | ᠬᠢᠨᠠᠨ ᠬᠡᠮᠵᠢᠯᠲᠡ ᠬᠢᠵᠡᠶ᠂ ᠡᠨᠡ ᠬᠤᠭᠤᠴᠠᠭᠠᠨ ᠳᠤ ᠨᠢᠭᠡᠳᠦᠭᠡᠷ ᠤᠳᠠᠭ᠎ᠠ ᠶᠢᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷᠲᠠᠶ ᠪᠠᠶᠢᠯ᠎ᠠ᠃ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠬᠢᠨᠠᠨ | ᠰᠢᠯᠭᠠᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠪᠥᠭᠡᠮ ᠬᠦᠴᠢᠯ ᠢ ᠬᠤᠶᠠᠷ ᠵᠦᠢᠯ ᠤᠨ ᠤᠷᠪᠠᠯᠵᠢ ᠪᠠᠷ | ᠪᠠᠶᠢᠴᠠᠭᠠᠨ ᠰᠢᠯᠭᠠᠭᠰᠠᠨ ᠤ ᠦᠷ ᠳ᠋ᠦᠩ ᠨᠢ᠂ ᠨᠢᠭᠡ ᠨᠢ ᠠᠷᠭ᠎ᠠ ᠴᠢᠨᠠᠷ ᠲᠠᠢ᠂ ᠨᠥᠭᠦᠭᠡ ᠨᠢᠭᠡ ᠨᠢ ᠪᠢᠯᠢᠭ | ᠴᠢᠨᠠᠷ ᠲᠠᠢ ᠪᠠᠶᠢᠯ᠎ᠠ᠃ 4 ᠰᠠᠷ᠎ᠠ ᠶᠢᠨ 29 ᠤ ᠡᠳᠦᠷ ᠤᠨ ᠥᠷᠯᠥᠭᠡ ᠶᠢᠨ 1 ᠴᠠᠭ ᠲᠤ᠂ ᠬᠤᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠭᠤᠶᠢᠯᠠᠩ᠂ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ | ᠬᠤᠷᠢᠶ᠎ᠠ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ | ᠬᠠᠮᠲᠤᠷᠠᠨ ᠣᠨᠣᠰᠢᠯᠠᠪᠠ᠂ CT ᠪᠠᠶᠢᠴᠠᠭᠠᠯᠲᠠ ᠪᠠᠷ ᠳᠡᠮᠵᠢᠨ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ | ᠳᠦᠷᠰᠦ ᠰᠢᠩᠭᠡᠭᠡᠯᠲᠡ ᠶᠢᠨ ᠤᠬᠠᠭᠠᠨ ᠤ ᠣᠨᠴᠠᠯᠢᠭ ᠢ ᠣᠯᠵᠤ ᠦᠵᠡᠭᠰᠡᠨ ᠥᠬᠡᠶ᠃ ᠥᠷᠯᠥᠭᠡ ᠶᠢᠨ 5 ᠴᠠᠭ ᠲᠤ᠂ | ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ | ᠳ᠋ᠦᠩ ᠨᠢ ᠪᠢᠯᠢᠭ ᠴᠢᠨᠠᠷᠲᠠᠢ ᠪᠠᠶᠢᠵᠦ᠂ ᠥᠷᠯᠥᠭᠡ ᠶᠢᠨ 8 ᠴᠠᠭ ᠲᠤ᠂ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ | ᠬᠢᠵᠠᠭᠠᠷᠯᠠᠬᠤ ᠲᠥᠪ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷᠲᠠᠶ ᠪᠠᠶᠢᠳᠠᠭ᠃ | ᠣᠳᠣᠬᠠᠨ ᠳᠤ᠂ ᠽᠦᠸᠧ ᠣᠪᠣᠭᠲᠤ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠠᠨᠠᠭᠠᠬᠤ ᠤᠬᠠᠭᠠᠨ ᠤ | ᠠᠵᠢᠭᠯᠠᠯᠲᠠ ᠶᠢ ᠬᠦᠯᠢᠶᠡᠵᠦ ᠪᠠᠶᠢᠨ᠎ᠠ᠃ | ᠤᠳᠠ ᠲᠣᠭᠤᠷᠢᠭ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠪᠡ᠃ | ᠨᠢᠭᠡ ᠳᠤ᠂ ᠲᠡᠷᠡ ᠳᠠᠷᠤᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ | ᠳᠤᠭᠤᠶᠢᠯᠠᠩ ᠵᠢᠴᠢ ᠵᠢᠯᠣᠭᠤᠳᠬᠤ ᠭᠠᠵᠠᠷ ᠤᠨ ᠬᠤᠷᠠᠯ ᠢ ᠬᠤᠷᠠᠯᠳᠤᠭᠤᠯᠵᠤ᠂ ᠤᠳᠠ ᠲᠣᠭᠤᠷᠢᠭ ᠤᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠥᠰᠦᠯ ᠪᠣᠯᠤᠨ ᠤᠳᠠ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠢ ᠲᠦᠷᠭᠡᠨ ᠡᠬᠢᠯᠡᠭᠦᠯᠦᠨ᠎ᠡ᠃ ᠬᠤᠶᠠᠷ ᠲᠤ | ᠭᠦᠢᠯᠭᠡᠭᠡᠨ ᠤ ᠲᠣᠬᠢᠷᠠᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠲᠤᠰᠬᠠᠶ ᠮᠡᠷᠭᠡᠵᠢᠯ ᠤᠨ ᠠᠵᠢᠯᠲᠠᠨ 66 ᠬᠥᠮᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ | ᠮᠡᠷᠭᠡᠵᠢᠯ ᠤᠨ ᠠᠵᠢᠯᠲᠠᠨ 22 ᠬᠥᠮᠦᠨ ᠢ ᠰᠣᠩᠭᠤᠨ ᠭᠠᠷᠭᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠢ | ᠤᠰᠠᠳᠬᠠᠨ ᠪᠢᠲᠡᠭᠦᠮᠵᠢᠯᠡᠵᠦ᠂ 4 ᠰᠠᠷ᠎ᠠ ᠶᠢᠨ 29 ᠤ ᠡᠳᠦᠷ ᠤᠨ ᠥᠷᠯᠥᠭᠡ ᠶᠢᠨ 3 ᠴᠠᠭ ᠪᠣᠯᠲᠠᠯ᠎ᠠ᠂ ᠵᠢᠭᠰᠠᠭᠠᠨ | ᠪᠠᠶᠢᠴᠠᠭᠠᠵᠤ ᠭᠠᠷᠭᠠᠭᠰᠠᠨ 3 ᠨᠡᠷᠡᠰ ᠨᠢᠭᠲᠠ ᠣᠶᠢᠷᠠᠲᠤᠭᠰᠠᠳ᠂ 14 ᠨᠡᠷᠡᠰ ᠳᠡᠳ᠋ ᠨᠢᠭᠲᠠ ᠣᠶᠢᠷᠠᠲᠤᠭᠰᠠᠳ ᠢ | ᠪᠦᠬᠦᠨ ᠢ ᠰᠢᠯᠵᠢᠭᠦᠯᠦᠨ ᠲᠣᠬᠢᠷᠠᠭᠤᠯᠵᠤ᠂ ᠥᠯᠢᠭᠡᠷ ᠠᠪᠴᠤ᠂ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ | ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠵᠦ᠂ ᠲᠡᠷᠡ ᠮᠦᠷᠲᠡᠭᠡᠨ ᠪᠦᠬᠦᠨ ᠢ ᠤᠳᠠ ᠲᠣᠭᠤᠷᠢᠭ ᠤᠨ | ᠲᠥᠪᠯᠡᠷᠡᠭᠦᠯᠦᠨ ᠲᠤᠰᠠᠭᠠᠷᠯᠠᠬᠤ ᠴᠡᠭ ᠲᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠪᠠᠶᠢᠨ᠎ᠠ᠃ ᠭᠤᠷᠪᠠ ᠳᠤ | ᠵᠢᠵᠢᠭ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠨ᠎ᠠ᠃ | ᠲᠣᠰ ᠵᠢᠵᠢᠭ ᠲᠣᠭᠤᠷᠢᠭ ᠤᠨ ᠪᠦᠬᠦ ᠰᠠᠭᠤᠭᠠᠯᠢ ᠡᠷᠦᠬᠡ ᠵᠢᠴᠢ ᠳᠡᠳ᠋ ᠨᠢᠭᠲᠠ ᠣᠶᠢᠷᠠᠲᠤᠭᠰᠠᠳ ᠤᠨ ᠬᠡᠷ | ᠪᠦᠯᠢ ᠶᠢᠨ ᠬᠢᠨ ᠳᠤ ᠴᠠᠭ ᠲᠤᠬᠠᠶ ᠳᠤᠨᠢ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠥᠷᠨᠢᠭᠦᠯᠵᠦ᠂ 29 ᠤ | ᠡᠳᠦᠷ ᠤᠨ ᠥᠷᠯᠥᠭᠡ ᠶᠢᠨ 3᠄ 30 ᠪᠣᠯᠲᠠᠯ᠎ᠠ᠂ ᠠᠩᠬᠠᠨ ᠤ ᠪᠦᠯᠦᠭ ᠪᠥᠭᠡᠮ ᠬᠦᠴᠢᠯ ᠤᠨ ᠪᠠᠶᠢᠴᠠᠭᠠᠨ | ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠯ᠎ᠠ᠃ ᠲᠦᠷᠪᠡ ᠳᠤ᠂ ᠣᠷᠴᠢᠨ ᠲᠣᠭᠤᠷᠢᠨ ᠢ | ᠠᠷᠢᠭᠤᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠡᠷᠡ ᠳᠠᠷᠤᠶ ᠳᠤᠨᠢ ᠽᠦᠸᠧ | ᠣᠪᠣᠭᠲᠤ ᠶᠢᠨ ᠰᠠᠭᠤᠭ᠎ᠠ ᠭᠠᠵᠠᠷ᠂ ᠠᠰᠠᠷ ᠤᠨ ᠬᠤᠩᠭᠢᠯ ᠳᠤ ᠡᠴᠦᠰ ᠤᠨ ᠠᠷᠢᠭᠤᠳᠬᠠᠯ ᠬᠢᠵᠦ᠂ ᠵᠢᠵᠢᠭ | ᠲᠣᠭᠤᠷᠢᠭ ᠤᠨ ᠭᠠᠳᠠᠨᠠᠬᠢ ᠣᠷᠴᠢᠨ ᠲᠣᠭᠤᠷᠢᠨ ᠢ ᠪᠦᠬᠦ ᠲᠠᠯ᠎ᠠ ᠪᠠᠷ ᠠᠷᠢᠭᠤᠳᠬᠠᠨ ᠠᠷᠢᠯᠭᠠᠪᠠ᠃ | ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠬᠠᠮᠤᠭ ᠤᠨ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ | ᠪᠣᠳᠠᠲᠠᠶᠢᠵᠢᠭᠤᠯᠤᠨ ᠪᠣᠳᠠᠲᠠᠶᠢᠵᠢᠭᠤᠯᠤᠨ᠎ᠠ᠃ ᠨᠢᠭᠡ ᠳᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠬᠡᠪᠴᠢᠶ᠎ᠡ ᠶᠢ ᠥᠷᠭᠡᠳᠬᠡᠵᠦ᠂ ᠭᠤᠤᠯᠳᠠᠯᠭ᠎ᠠ ᠲᠠᠢ ᠬᠦᠮᠦᠰ ᠢ ᠨᠢᠭᠡ ᠶᠢ ᠴᠦ ᠣᠷᠬᠢᠭᠳᠠᠭᠤᠯᠬᠤ ᠥᠬᠡᠶ ᠪᠠᠶᠢᠬᠤ ᠶᠢ | ᠦᠨᠡᠨᠬᠦ ᠪᠠᠲᠤᠯᠠᠨ᠎ᠠ ᠬᠤᠶᠠᠷ ᠲᠤ᠂ ᠲᠠᠬᠤᠯ ᠡᠪᠡᠳᠴᠢᠨ ᠤ ᠪᠠᠶᠢᠴᠠᠭᠠᠯᠲᠠ ᠶᠢᠨ ᠡᠬᠢ ᠰᠤᠷᠪᠤᠯᠵᠢ ᠶᠢ ᠡᠷᠢᠬᠦ ᠠᠵᠢᠯ ᠢ | ᠤᠯᠠᠮ ᠨᠢᠭᠡ ᠠᠯᠬᠤᠮ ᠥᠷᠨᠢᠭᠦᠯᠵᠦ᠂ ᠨᠢᠭᠲᠠ ᠣᠶᠢᠷᠠᠲᠤᠭᠰᠠᠳ᠂ ᠳᠡᠳ᠋ ᠨᠢᠭᠲᠠ ᠣᠶᠢᠷᠠᠲᠤᠭᠰᠠᠳ ᠢ ᠪᠥᠬᠦ | ᠲᠠᠯ᠎ᠠ ᠪᠠᠷ ᠡᠷᠢᠵᠦ᠂ ᠬᠠᠮᠤᠭ ᠤᠨ ᠲᠡᠷᠢᠭᠦᠨ ᠳᠤ ᠲᠤᠰᠠᠭᠠᠷᠯᠠᠨ ᠰᠢᠯᠵᠢᠭᠦᠯᠦᠨ ᠲᠡᠭᠡᠭᠡᠪᠦᠷᠢᠯᠡᠵᠦ᠂ ᠪᠢᠲᠡᠭᠦᠮᠵᠢᠯᠡᠨ | ᠬᠠᠮᠢᠶᠠᠷᠤᠨ᠎ᠠ᠃ ᠭᠤᠷᠪᠠ ᠳᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠰᠡᠷᠭᠡᠶᠢᠯᠡᠨ ᠡᠵᠡᠮᠳᠡᠬᠦ ᠪᠠ ᠠᠮᠤᠷ ᠢ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠤᠶᠠᠳᠠᠬᠢ ᠤᠳᠠᠭᠠᠨ ᠤ ᠬᠠᠯᠳᠠᠪᠤᠷᠢᠯᠠᠯ ᠢ ᠰᠡᠷᠭᠡᠶᠢᠯᠡᠨ᠎ᠡ᠃ ᠲᠦᠷᠪᠡ ᠳᠤ | ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠠᠳᠬᠤᠨ᠎ᠠ᠃ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ | ᠭᠠᠵᠠᠷ ᠪᠠ ᠪᠠᠭ᠎ᠠ ᠲᠣᠭᠤᠷᠢᠭ ᠤᠨ ᠬᠠᠮᠠᠭᠠᠯᠠᠯᠲᠠ ᠶᠢᠨ ᠠᠵᠢᠯᠲᠠᠨ ᠤ ᠠᠮᠤᠷ ᠲᠦᠪᠰᠢᠨ ᠢ ᠪᠠᠲᠤᠯᠠᠵᠤ᠂ | ᠪᠢᠲᠡᠭᠦᠮᠵᠢᠯᠡᠭᠰᠡᠨ ᠪᠠᠭ᠎ᠠ ᠲᠣᠭᠤᠷᠢᠭ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠰᠠᠶᠢᠲᠤᠷ ᠬᠢᠵᠦ᠂ | ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠲᠠᠪᠤ ᠳᠤ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠲᠡᠯᠡᠵᠦ᠂ ᠥᠷᠭᠡᠨ ᠤᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ | ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠯᠭᠡᠵᠦ᠂ ᠲᠣᠭᠲᠠᠭᠠᠯ ᠶᠣᠰᠣᠭᠠᠷ ᠦᠨᠡᠨ ᠪᠣᠳᠠᠲᠠᠶ ᠮᠡᠳᠡᠭᠡ | ᠵᠠᠩᠭᠢ ᠶᠢ ᠨᠡᠶᠢᠭᠡᠮ ᠳᠤ ᠨᠡᠶᠢᠲᠡᠯᠡᠵᠦ᠂ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠡᠯᠡᠬᠦ ᠶᠢ | ᠦᠨᠡᠨ ᠬᠦ ᠪᠠᠲᠤᠯᠠᠨ᠎ᠠ᠃ ᠬᠠᠯᠠᠭᠤᠨ ᠳᠣᠲᠣᠨᠣ ᠰᠠᠨᠠᠭᠤᠯᠤᠮᠵᠢ᠄ | ᠤᠳᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠡᠷᠦᠩᠬᠡᠢ ᠳᠡᠭᠡᠨ ᠲᠣᠭᠲᠠᠭᠤᠨ | ᠪᠠᠶᠢᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠶᠢᠨ | ᠬᠠᠮᠢᠶᠠᠷᠤᠯᠲᠠ ᠡᠵᠡᠮᠳᠡᠯ ᠡᠮᠬᠢ ᠳᠢᠭᠯᠢᠮ ᠲᠠᠢ ᠪᠣᠯᠪᠠ᠃ ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ | ᠨᠡᠶᠢᠲᠡᠯᠡᠭᠰᠡᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠵᠤ᠂ ᠴᠤᠤᠷᠬᠠᠯ ᠲᠠᠯᠪᠢᠬᠤ᠂ ᠴᠤᠤᠷᠬᠠᠯ ᠢ ᠢᠲᠡᠭᠡᠬᠦ᠂ | ᠴᠤᠤᠷᠬᠠᠯ ᠢ ᠳᠠᠮᠵᠢᠭᠤᠯᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠤᠯᠠᠨ ᠢᠶᠠᠷ ᠢᠶᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠦᠷᠭᠦᠯᠵᠢᠯᠡᠨ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ | ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠬᠤᠪᠢ ᠬᠥᠮᠦᠨ ᠵᠢᠴᠢ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠲᠤᠯᠠᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ | ᠦᠷᠭᠦᠯᠵᠢ ᠰᠠᠯᠬᠢ ᠨᠡᠪᠲᠡᠷᠡᠬᠦ᠂ ᠴᠤᠭᠯᠠᠷᠠᠬᠤ ᠦᠭᠡᠢ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠤᠷᠳᠤ ᠬᠤᠭᠤᠴᠠᠭ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠪ ᠦᠭᠡᠢ ᠪᠠᠶᠢᠳᠠᠯ ᠢᠯᠡᠷᠡᠮᠡᠭᠴᠡ ᠴᠠᠭ ᠲᠤᠬᠠᠢ ᠳᠤᠨᠢ | ᠡᠮᠨᠡᠭᠦᠯᠬᠦ ᠬᠡᠷᠡᠭᠲᠡᠢ᠃ | |