【 ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ 】 ᠤᠳᠠ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/4/29
    ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠬᠠᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠳᠠ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠪᠠᠶᠢᠴᠠᠭᠠᠨ ᠵᠠᠯᠠᠷᠠᠭᠤᠯᠬᠤ ᠵᠠᠩᠭᠢᠯᠠᠭ᠎ᠠ ᠶᠢᠨ ᠡᠭᠦᠷᠭᠡ ᠶᠢᠨ ᠲᠣᠬᠢᠷᠠᠭᠤᠯᠤᠯᠲᠠ ᠶᠣᠰᠣᠭᠠᠷ᠂ ᠡᠩᠨᠡᠭᠡᠨ ᠤ ᠪᠠᠶᠢᠭᠤᠯᠤᠯᠲᠠ ᠶᠢ ᠨᠥᠯᠥᠭᠡᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠲᠤᠭᠤᠷᠢᠭ ᠤᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠯᠪᠠᠨ ᠬᠡᠷ ᠠᠴᠠ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠭᠤᠷᠪᠠᠨ ᠰᠠᠯᠠᠭ᠎ᠠ ᠮᠥᠴᠢᠷ ᠲᠠᠢ ᠬᠠᠮᠲᠤᠷᠠᠨ᠂ 7 ᠲᠤᠰᠬᠠᠶ ᠺᠠᠳ᠋ᠷ ᠢ ᠰᠣᠩᠭᠤᠨ ᠲᠣᠮᠢᠯᠠᠵᠤ ᠡᠩᠨᠡᠭᠡ ᠶᠢᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠳᠤ ᠲᠤᠰᠬᠠᠶ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃
     4 ᠰᠠᠷ᠎ᠠ ᠶᠢᠨ 28 ᠤ ᠦᠳᠡ ᠶᠢᠨ ᠡᠮᠦᠨ᠎ᠡ᠂ ᠡᠩᠨᠡᠭᠡ ᠶᠢᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤᠨᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠣᠷᠣᠵᠤ ᠰᠠᠭᠤᠭᠠᠳ᠂ ᠡᠩᠨᠡᠭᠡ ᠶᠢᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠩᠨᠡᠭᠡ ᠶᠢᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠤᠳᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠥᠷᠨᠢᠭᠦᠯᠬᠦ ᠲᠤᠰᠬᠠᠶ ᠵᠦᠢᠯ ᠤᠨ ᠲᠣᠭᠤᠷᠢᠨ ᠪᠠᠶᠢᠴᠠᠭᠠᠬᠤ ᠠᠵᠢᠯ ᠤᠨ ᠲᠥᠰᠦᠯ ᠪᠠ ᠮᠡᠳᠡᠭᠳᠡᠯ︾ ᠢ ᠳᠣᠷᠣᠭᠰᠢ ᠪᠠᠭᠤᠯᠭᠠᠵᠤ᠂ ᠠᠵᠢᠯ ᠤᠨ ᠵᠢᠯᠣᠭᠤᠳᠣᠯᠭ᠎ᠠ ᠪᠠ ᠠᠵᠢᠯ ᠤᠨ ᠴᠤᠪᠤᠷᠠᠯ ᠤᠨ ᠯᠠᠪᠯᠠᠯᠲᠠ ᠶᠢᠨ ᠵᠢᠷᠤᠭ ᠶᠣᠰᠣᠭᠠᠷ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠡᠩᠨᠡᠭᠡ ᠶᠢᠨ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠬᠢᠬᠦ ᠶᠢᠨ ᠬᠠᠮᠲᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃
     ᠳᠠᠷᠠᠭᠠᠴᠢ ᠶᠢᠨ ᠠᠯᠬᠤᠮ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠰᠬᠠᠢ ᠶᠠᠷᠢᠯᠴᠠᠬᠤ᠂ ᠬᠠᠮᠲᠤ ᠪᠠᠷ ᠪᠣᠯᠵᠣᠨ ᠶᠠᠷᠢᠯᠴᠠᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ︽ᠭᠤᠤᠯ ᠤᠳᠤᠷᠢᠳᠤᠯᠭ᠎ᠠ︾ ᠤᠨ ᠡᠩᠨᠡᠭᠡ ᠶᠢᠨ ᠪᠠᠶᠢᠭᠤᠯᠤᠯᠲᠠ ᠶᠢ ᠠᠳᠬᠤᠭᠰᠠᠨ ᠪᠠᠶᠢᠳᠠᠯ ᠤᠨ ᠠᠭᠤᠯᠭ᠎ᠠ ᠶᠢ ᠬᠠᠷᠢᠭᠤ ᠮᠡᠳᠡᠭᠦᠯᠦᠨ᠎ᠡ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ  ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号