︽ᠲᠠᠪᠤ ᠶᠢ ᠬᠠᠰᠤᠵᠤ ᠭᠤᠷᠪᠠᠨ ᠬᠠᠮᠤᠭ︾ ᠪᠠᠷ ᠳᠠᠮᠵᠢᠭᠤᠯᠤᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2021/5/12
     ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠲᠥᠯᠥᠭᠡ᠂ ᠤᠳᠠ ᠲᠣᠭᠤᠷᠢᠭ ︽ᠲᠠᠪᠤ ᠶᠢ ᠬᠠᠰᠤᠵᠤ ᠭᠤᠷᠪᠠᠨ ᠬᠠᠮᠤᠭ ︾ ᠪᠠᠷ ᠭᠠᠷᠳᠠᠴᠠ ᠪᠣᠯᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠴᠠ ᠳᠤ ︽ᠨᠢᠭᠡ ᠯᠡ ᠤᠳᠠᠭ᠎ᠠ ᠳᠤ ᠮᠡᠳᠡᠭᠳᠡᠬᠦ︾ ᠦᠢᠯᠡᠴᠢᠯᠡᠭᠡ ᠶᠢ ᠶᠡᠬᠡᠪᠡᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠤ ᠭᠦᠶᠦᠯᠭᠡᠬᠦ︾ ᠶᠢ ᠪᠡᠶᠡᠯᠡᠭᠦᠯᠪᠡ᠃      ᠤᠳᠠ ᠲᠣᠭᠤᠷᠢᠭ ᠡᠯ᠎ᠡ ᠰᠠᠯᠠᠭ᠎ᠠ ᠮᠥᠴᠢᠷ ᠤᠨ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠰᠠᠨ ᠲᠠᠪᠴᠠᠩ ᠠᠴᠠ ᠲᠠᠨᠢᠵᠤ ᠠᠪᠤᠭᠰᠠᠨ 1572 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠯ ᠤᠨ ᠲᠦᠷᠦᠯ ᠤᠨ 1049 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠭᠤᠶᠤᠴᠢᠯᠠᠯ ᠤᠨ ᠪᠤᠰᠤ ᠲᠦᠷᠦᠯ ᠤᠨ 523 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢᠶᠠᠷ ᠠᠩᠭᠢᠯᠠᠪᠠ᠃ ᠰᠡᠭᠦᠯᠴᠢ ᠶᠢᠨ ᠬᠤᠭᠤᠴᠠᠭᠠᠨ ᠳᠤ᠂ ᠳᠣᠲᠣᠭᠠᠳᠤ ᠶᠢᠨ ᠬᠢᠨᠠᠨ ᠵᠥᠪᠰᠢᠶᠡᠷᠡᠬᠦ ᠭᠤᠭᠴᠤᠭ᠎ᠠ ᠶᠢ ᠡᠮᠬᠢᠯᠡᠨ ᠨᠡᠶᠢᠯᠡᠭᠦᠯᠬᠦ᠂ ᠡᠯ᠎ᠡ ᠭᠤᠭᠴᠤᠭ᠎ᠠ ᠶᠢᠨ ᠬᠢᠨᠠᠨ ᠵᠥᠪᠰᠢᠶᠡᠷᠡᠬᠦ ᠳᠤ ᠬᠡᠷᠡᠭᠯᠡᠬᠦ ᠴᠠᠭ ᠢ ᠪᠠᠭᠠᠰᠬᠠᠬᠤ᠂ ᠰᠦᠯᠵᠢᠶᠡᠨ ᠳᠡᠭᠡᠷ᠎ᠡ ᠭᠦᠢᠴᠡᠳᠭᠡᠬᠦ ᠠᠷᠭ᠎ᠠ ᠵᠠᠮ ᠢ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ ᠭᠦᠶᠦᠯᠲᠡ ᠶᠢᠨ ᠬᠡᠪᠴᠢᠶ᠎ᠡ ᠶᠢ ᠪᠠᠭᠠᠰᠬᠠᠬᠤ ᠲᠠᠯ᠎ᠠ ᠪᠠᠷ ᠴᠥᠮ ᠰᠢᠪᠲᠤᠯᠤᠯᠲᠠ ᠲᠠᠢ ᠪᠣᠯᠵᠣ᠂ ᠬᠠᠰᠤᠭᠰᠠᠨ ᠨᠣᠷᠮ᠎ᠠ ᠨᠢ ᠲᠣᠰ ᠲᠣᠰ 14%᠂ 78%᠂ 31% ᠪᠠ 61% ᠪᠠᠶᠢᠪᠠ᠃ ᠡᠭᠦᠨ ᠤ ᠵᠡᠷᠭᠡ ᠳᠤ᠂ ᠥᠪᠡᠷ ᠤᠨ ᠥᠷᠲᠡᠭ ᠢ ᠪᠠᠭᠠᠰᠬᠠᠬᠤ ᠲᠠᠯ᠎ᠠ ᠪᠠᠷ ᠪᠠᠰᠠ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ ᠪᠠᠷ ᠳᠠᠮᠵᠢᠭᠤᠯᠤᠨ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠂ ︽ᠨᠢᠭᠡ ᠤᠳᠠᠭ᠎ᠠ ᠭᠦᠶᠦᠯᠭᠡᠬᠦ ᠦᠭᠡᠶ︾ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠡᠭᠡᠨ ᠵᠠᠮ ᠬᠠᠷᠢᠯᠴᠠᠭᠠᠨ ᠤ ᠥᠪᠡᠷ ᠤᠨ ᠥᠷᠲᠡᠭ ᠪᠣᠯᠤᠨ ᠴᠠᠭ ᠤᠨ ᠥᠪᠡᠷ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠵᠠᠷ ᠣᠷᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号