︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠵᠦ᠂ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ | ᠬᠦᠴᠦᠨ ᠢ ᠴᠢᠩᠭᠠᠳᠬᠠᠬᠤ ᠶᠢᠨ ᠲᠥᠯᠥᠭᠡ᠂ ᠤᠳᠠ ᠲᠣᠭᠤᠷᠢᠭ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ | ᠱᠠᠳᠤ ᠱᠠᠳᠤ ᠪᠠᠷ ᠰᠢᠪᠲᠤᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ | ᠦᠷᠭᠦᠯᠵᠢᠯᠡᠨ ᠬᠦᠴᠦᠯᠡᠪᠡ᠃ ᠡᠬᠢᠨ ᠤ ᠬᠤᠭᠤᠴᠠᠭᠠᠨ ᠳᠤ ᠨᠢᠭᠡᠳᠦᠯᠲᠡᠶ ᠪᠠᠷ ᠡᠮᠬᠢᠯᠡᠨ ᠬᠠᠰᠤᠬᠤ ᠴᠢᠬᠤᠯᠠ | ᠨᠥᠬᠦᠴᠡᠯ ᠤᠨ ᠲᠠᠯ᠎ᠠ ᠪᠠᠷ᠂ ᠤᠳᠠ ᠲᠣᠭᠤᠷᠢᠭ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ | ᠢᠶᠠᠷ ᠲᠤᠷᠰᠢᠯᠲᠠ ᠶᠢᠨ ᠴᠢᠭ ᠪᠣᠯᠭᠠᠬᠤ ᠶᠢ ᠪᠠᠷᠢᠮᠲᠠᠯᠠᠨ᠂ ︽ᠲᠣᠮᠣ ᠬᠦᠰᠦᠨᠦᠭᠲᠦ ᠶᠢᠨ ᠲᠦᠷᠢᠮ︾ ᠤᠨ | ᠥᠭᠡᠷᠡᠴᠢᠯᠡᠯᠲᠡ ᠶᠢ ᠥᠷᠨᠢᠭᠦᠯᠵᠦ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠦᠨ᠂ | ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠢ ᠳᠥᠭᠦᠮᠴᠢᠯᠡᠵᠦ᠂ ᠬᠢᠨᠠᠨ ᠬᠠᠷᠭᠤᠭᠤᠯᠵᠤ ᠳᠠᠩᠰᠠᠯᠠᠭᠤᠯᠬᠤ ᠳᠤ ᠪᠠᠷᠢᠨ | ᠬᠤᠷᠢᠶᠠᠵᠤ ᠪᠠᠷᠢᠨ ᠭᠦᠢᠴᠡᠳᠭᠡᠬᠦ ᠪᠠ ᠲᠣᠰ ᠡᠳᠦᠷ ᠲᠤ ᠬᠤᠷᠢᠶᠠᠵᠤ᠂ ᠡᠳᠦᠷ ᠠᠯᠤᠰᠯᠠᠨ ᠢᠯᠡᠭᠡᠬᠦ ᠶᠢ ᠪᠡᠶᠡᠯᠡᠭᠦᠯᠵᠦ | ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠠᠪᠤᠴᠠ ᠳᠤ ᠣᠯᠠᠨ ᠲᠠᠯ᠎ᠠ ᠠᠴᠠ | ᠭᠦᠶᠦᠯᠭᠡᠬᠦ᠂ ᠨᠠᠰᠢ ᠴᠠᠰᠢ ᠭᠦᠶᠦᠯᠭᠡᠬᠦ ᠠᠰᠠᠭᠤᠳᠠᠯ ᠢ ᠪᠦᠲᠦᠮᠵᠢᠲᠡᠶ ᠪᠠᠷ ᠬᠠᠰᠤᠵᠤ ᠬᠡᠯᠲᠦᠷᠢᠭᠦᠯᠦᠭᠡᠳ᠂ ᠠᠵᠢᠯ ᠤᠨ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠬᠠᠮᠲᠤ᠂ ᠦᠨᠡᠨᠴᠢ ᠢᠲᠡᠭᠡᠮᠵᠢᠲᠡᠢ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠨᠡᠩ ᠰᠠᠶᠢᠨ ᠪᠤᠢ ᠪᠣᠯᠭᠠᠬᠤ ᠶᠢᠨ ᠲᠥᠯᠥᠭᠡ᠂ ᠤᠳᠠ ᠲᠣᠭᠤᠷᠢᠭ | ᠡᠯ᠎ᠡ ᠰᠠᠯᠠᠭ᠎ᠠ ᠮᠥᠴᠢᠷ ᠠᠴᠠ ᠡᠯ᠎ᠡ ᠲᠦᠷᠦᠯ ᠤᠨ ᠢᠲᠡᠭᠡᠮᠵᠢ ᠶᠢᠨ ᠲᠤᠭ᠎ᠠ ᠪᠠᠷᠢᠮᠲᠠ ᠶᠢ 10579 ᠵᠤᠷᠪᠤᠰ | ᠴᠤᠭᠯᠠᠭᠤᠯᠬᠤ ᠶᠢᠨ ᠬᠠᠮᠲᠤ ᠵᠠᠷᠯᠠᠨ ᠨᠡᠶᠢᠲᠡᠯᠡᠪᠡ᠂ ᠡᠭᠦᠨ ᠳᠤ᠂ ᠬᠠᠤᠯᠢ ᠶᠢᠨ ᠡᠷᠬᠡᠲᠡᠨ ᠤ ᠬᠤᠣᠰ ᠨᠡᠶᠢᠲᠡ ᠶᠢᠨ | ᠮᠡᠳᠡᠭᠡ ᠵᠠᠩᠭᠢ 5531 ᠵᠤᠷᠪᠤᠰ᠂ ᠪᠠᠶᠢᠭᠠᠯᠢ ᠬᠥᠮᠦᠨ ᠤ ᠬᠤᠣᠰ ᠨᠡᠶᠢᠲᠡ ᠶᠢᠨ ᠮᠡᠳᠡᠭᠡ ᠵᠠᠩᠭᠢ 804 ᠵᠤᠷᠪᠤᠰ᠂ | ᠪᠤᠰᠤᠳ ᠢᠲᠡᠭᠡᠮᠵᠢ ᠶᠢᠨ ᠲᠤᠭ᠎ᠠ ᠪᠠᠷᠢᠮᠲᠠ 4244 ᠵᠤᠷᠪᠤᠰ ᠪᠠᠶᠢᠵᠤ᠂ ᠮᠡᠳᠡᠭᠡ ᠵᠠᠩᠭᠢ ᠶᠢ ᠢᠯᠡ ᠲᠣᠳᠣ | ᠪᠣᠯᠭᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠡᠷᠬᠡ ᠲᠡᠭᠰᠢ ᠲᠥᠪ ᠭᠤᠣᠯᠴᠢ ᠪᠠᠶᠢᠬᠤ ᠶᠢ ᠬᠠᠮᠤᠭ | ᠶᠡᠭᠡ ᠬᠡᠮᠵᠢᠶ᠎ᠡ ᠪᠠᠷ ᠪᠠᠲᠤᠯᠠᠵᠠᠢ᠃ | | |