ᠤᠳᠠ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠄ ᠦᠨᠳᠦᠰᠦᠨ ᠵᠦᠢᠯ ᠳᠤ  ᠰᠠᠭᠤᠷᠢᠯᠠᠵᠦ ᠴᠡᠴᠡᠭᠯᠡᠭᠦᠯᠪᠡ
ᠨᠡᠶᠢᠲᠡᠯᠡᠭᠰᠡᠨ ᠴᠠᠭ᠄
2021/5/12
     ᠵᠠᠭᠤᠨ ᠵᠢᠯ ᠤᠨ ᠲᠡᠮᠡᠴᠡᠯ ᠤᠨ ᠵᠠᠮ ᠰᠢᠨ᠎ᠡ ᠠᠶᠠᠨ ᠢᠶᠠᠨ ᠡᠬᠢᠯᠡᠭᠦᠯᠵᠦ ᠨᠠᠮ ᠤᠨ ᠲᠡᠦᠬᠡ ᠶᠢ ᠰᠤᠷᠤᠯᠴᠠᠨ ᠦᠵᠡᠯ ᠰᠠᠨᠠᠭ᠎ᠠ ᠶᠢ ᠣᠶᠢᠯᠠᠭᠠᠵᠤ ᠪᠣᠳᠠᠲᠠᠢ ᠶᠠᠪᠤᠳᠠᠯ ᠬᠢᠵᠦ ᠰᠢᠨ᠎ᠡ ᠪᠠᠶᠢᠳᠠᠯ ᠢ ᠨᠡᠭᠡᠭᠡᠵᠡᠢ    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠤᠳᠠ ᠲᠣᠭᠤᠷᠢᠭ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ᠂ ᠲᠤᠷᠰᠢᠯᠭ᠎ᠠ ᠶᠢ ᠠᠮᠢᠳᠤᠯᠢᠭ ᠢᠶᠠᠷ ᠬᠡᠷᠡᠭᠯᠡᠬᠦ᠂ ᠪᠣᠳᠠᠲᠤ ᠶᠠᠪᠤᠳᠠᠯ ᠢ ᠲᠣᠳᠣᠷᠬᠠᠢ ᠬᠢᠬᠦ ᠶᠢ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠤ ᠵᠠᠰᠠᠯᠲᠠ ᠲᠠᠢ ᠨᠢᠭᠲᠠ ᠤᠶᠠᠯᠳᠤᠭᠤᠯᠵᠤ᠂ ᠤᠬᠠᠭᠤᠯᠭ᠎ᠠ ᠶᠢᠨ ᠲᠠᠪᠴᠠᠩ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠦᠳᠦᠯᠦᠨ ᠵᠢᠯᠣᠭᠤᠳᠴᠤ ᠪᠠᠶᠢᠭᠠᠳ ᠤᠶᠤᠨ ᠴᠢᠳᠠᠯ ᠢᠶᠠᠨ ᠲᠥᠪᠯᠡᠷᠡᠭᠦᠯᠵᠦ᠂ ᠦᠨᠡᠨᠬᠦ ᠰᠤᠷᠤᠯᠴᠠᠵᠤ ᠪᠣᠳᠠᠲᠠᠢ ᠰᠤᠷᠤᠯᠴᠠᠵᠤ᠂ ᠰᠣᠷᠣᠭᠰᠠᠨ ᠢᠶᠠᠨ ᠬᠡᠷᠡᠭᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠠᠢ᠃    ᠤᠳᠠ ᠲᠣᠭᠤᠷᠢᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠥᠳᠬᠡᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠶ ᠪᠣᠯᠭᠠᠵᠤ᠂ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠨᠤᠲᠤᠭ ᠤᠨ ᠳᠠᠭᠤᠤ ᠳᠠᠭᠤᠯᠠᠨ ᠨᠠᠮ ᠳᠠᠭᠠᠨ ᠰᠣᠨᠣᠰᠬᠠᠬᠤ︾ ᠣᠯᠠᠨ ᠲᠦᠮᠡᠨ ᠤ ᠳᠠᠭᠤᠤ ᠳᠠᠭᠤᠯᠠᠬᠤ ᠠᠵᠢᠯᠯᠠᠭ᠎ᠠ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠭᠠᠷ ᠢᠶᠠᠷ ᠵᠢᠷᠤᠭᠰᠠᠨ ᠦᠨᠳᠦᠰᠦᠲᠡᠨ ᠤ ᠬᠤᠪᠴᠠᠰᠤ ᠵᠠᠰᠠᠯ ᠵᠡᠷᠭᠡ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠶ ᠤᠬᠠᠭᠠᠯᠠᠨ ᠰᠡᠳᠦᠬᠦ ᠪᠠᠷ ᠳᠠᠮᠵᠢᠭᠤᠯᠤᠨ᠂ ︽ᠡᠳᠦᠷ ᠡᠳᠦᠷ ᠰᠤᠷᠤᠯᠴᠠᠬᠤ ᠲᠠᠢ᠂ ᠭᠠᠷᠠᠭ ᠪᠦᠷᠢ ᠠᠵᠢᠯᠯᠠᠭ᠎ᠠ ᠲᠠᠢ ᠪᠠᠶᠢᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠬᠤ ᠬᠡᠷᠡᠭᠲᠡᠶ︔ ︽ᠤᠳᠠ ᠨᠡᠶᠢᠳᠡᠯᠡᠯ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠭᠦᠢᠴᠡᠳ ᠠᠰᠢᠭᠯᠠᠨ᠂ ︽ᠨᠠᠮ ᠤᠨ ᠲᠡᠤᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠪᠦᠲᠦᠭᠡᠬᠦ᠂ ᠰᠢᠨ᠎ᠡ ᠪᠠᠶᠢᠳᠠᠯ ᠢ ᠨᠡᠭᠡᠭᠡᠬᠦ︾ ︽︽ᠪᠢ ᠴᠢᠮ᠎ᠠ ᠶᠢ ᠬᠠᠪᠰᠤᠷᠤᠨ᠎ᠠ︾ ᠭᠡᠬᠦ ᠮᠡᠲᠦ ᠶᠢᠨ ᠲᠤᠰᠬᠠᠶ ᠪᠤᠯᠤᠩ ᠭᠠᠷᠭᠠᠵᠤ᠂ ᠪᠥᠬᠦ ᠲᠤᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠥᠳᠡᠯᠦᠯ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠤᠬᠠᠭᠤᠯᠤᠨ ᠮᠡᠳᠡᠭᠡᠯᠡᠨ᠎ᠡ᠃ ᠡᠭᠦᠨ ᠤ ᠬᠠᠮᠲᠤ᠂ ᠤᠳᠠ ᠲᠣᠭᠤᠷᠢᠭ ᠨᠡᠶᠢᠭᠡᠮ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ᠂ ᠨᠡᠶᠢᠭᠡᠮ ᠲᠣᠭᠤᠷᠢᠭ ᠤᠨ ︽ᠲᠤᠮᠤ ᠪᠦᠷᠢᠶ᠎ᠡ︾ ᠶᠢ ᠠᠰᠢᠭᠯᠠᠵᠤ᠂ ︽ᠬᠤᠪᠢᠰᠬᠠᠯ︾ ᠷᠠᠳᠢᠣ᠋ ᠨᠡᠪᠲᠡᠷᠡᠭᠦᠯᠭᠡ ᠶᠢ ᠨᠡᠪᠲᠡᠷᠡᠭᠦᠯᠵᠦ᠂ ᠡᠳᠦᠷ ᠪᠦᠷᠢ ᠲᠣᠭᠲᠠᠭᠰᠠᠨ ᠴᠠᠭ ᠲᠤ ᠨᠠᠮ ᠤᠨ ᠲᠡᠦᠬᠡ ᠶᠢᠨ ᠮᠡᠳᠡᠯᠭᠡ᠂ ᠬᠤᠪᠢᠰᠬᠠᠯ ᠤᠨ ᠦᠯᠢᠭᠡᠷ ᠢ ᠨᠡᠪᠲᠡᠷᠡᠭᠦᠯᠵᠦ᠂ ᠨᠠᠮ ᠤᠨ ᠲᠡᠦᠬᠡ ᠶᠢᠨ ᠬᠢᠴᠢᠶᠡᠯ ᠤᠨ ᠲᠠᠩᠬᠢᠮ ᠢ ᠡᠭᠡᠯ ᠠᠷᠠᠳ ᠤᠨ ᠭᠡᠷ ᠲᠤ ᠬᠦᠷᠭᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃    ᠤᠳᠠ ᠲᠣᠭᠤᠷᠢᠭ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠭᠤᠣᠯ ᠪᠣᠯᠬᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ︽ᠤᠳᠠ ᠲᠣᠭᠤᠷᠢᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︿ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ﹀ ᠦᠢᠯᠡᠳᠦᠯᠭᠡ ᠶᠢᠨ ᠠᠵᠢᠯᠯᠠᠭ᠎ᠠ ᠶᠢᠨ ᠡᠭᠦᠷᠭᠡ ᠶᠢᠨ ᠨᠠᠷᠢᠨ ᠳᠠᠩᠰᠠ︾ ᠶᠢ ᠲᠣᠭᠲᠠᠭᠠᠵᠤ᠂ ᠪᠣᠳᠠᠲᠠᠢ ᠶᠠᠪᠤᠳᠠᠯ ᠬᠢᠬᠦ ᠭᠤᠣᠯᠳᠠᠯᠭ᠎ᠠ ᠲᠠᠢ ᠵᠦᠢᠯᠡᠰ ᠢ ᠡᠮᠬᠢᠯᠡᠵᠦ᠂ ᠬᠠᠷᠢᠭᠤᠴᠠᠯᠭᠠᠲᠤ ᠨᠢᠭᠡᠴᠡ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠶᠢᠨ ᠬᠠᠮᠲᠤ ᠤᠯᠠᠨ ᠲᠦᠮᠡᠨ ᠳᠤ ᠬᠠᠨᠳᠤᠭᠤᠯᠤᠨ ᠵᠠᠷᠯᠠᠨ ᠨᠡᠶᠢᠲᠡᠯᠡᠪᠡ︔ ᠡᠯ᠎ᠡ ᠲᠣᠭᠤᠷᠢᠭ ᠤᠨ ᠱᠠᠲᠤᠨ ᠤ ᠤᠳᠤᠷᠢᠳᠤᠯᠭ᠎ᠠ ᠲᠤᠰ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠪᠣᠯᠤᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠣᠳᠠᠲᠠᠢ ᠭᠠᠵᠠᠷ ᠲᠤᠨᠢ ᠣᠶᠢᠯᠠᠭᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠪᠡ᠃ 4 ᠰᠠᠷ᠎ᠠ ᠶᠢᠨ ᠰᠡᠭᠦᠯᠴᠢ ᠪᠣᠯᠬᠤ ᠳᠤ᠂ ᠲᠤᠭᠤᠷᠢᠭ ᠱᠠᠲᠤᠨ ᠤ ᠤᠳᠤᠷᠢᠳᠤᠯᠭ᠎ᠠ ᠨᠢᠭᠡᠨᠲᠡ 38 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠲᠠᠯᠠᠪᠤᠷ ᠤᠨ ᠶᠠᠷᠢᠯᠴᠠᠬᠤ ᠬᠤᠷᠠᠯ ᠢ 26 ᠤᠳᠠᠭ᠎ᠠ ᠬᠤᠷᠠᠯᠳᠤᠭᠤᠯᠪᠠ᠃ ᠡᠭᠦᠨ ᠳᠤ᠂ ︽ᠲᠣᠭᠤᠷᠢᠭ ᠤᠨ ᠳᠠᠷᠤᠭ᠎ᠠ ᠭᠥᠯᠢᠶᠡᠨ ᠠᠪᠬᠤ ᠡᠳᠦᠷ︾ ᠢ ᠨᠡᠶᠢᠲᠡᠯᠢᠭ ᠲᠤᠷᠰᠢᠯᠭ᠎ᠠ ᠶᠢᠨ ᠬᠤᠪᠢ ᠪᠠᠷ ᠠᠷᠠᠳ ᠤᠨ ᠡᠳᠦᠷ ᠤᠨ ᠰᠣᠨᠢᠨ᠂ ᠤᠯᠤᠰ ᠢᠶᠠᠨ ᠬᠦᠴᠦᠷᠬᠡᠭᠵᠢᠭᠦᠯᠬᠦ ᠶᠢ ᠰᠤᠷᠤᠯᠴᠠᠬᠤ ᠵᠡᠷᠭᠡ ᠭᠤᠤᠯ ᠵᠠᠭᠤᠴᠢᠯᠠᠭᠤᠷ ᠤᠨ ᠬᠢᠨ ᠥᠷᠭᠡᠨ ᠢᠶᠠᠷ ᠮᠡᠳᠡᠭᠡᠯᠡᠵᠡᠶ᠃      ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯ ᠤᠨ ᠲᠣᠳᠣᠷᠬᠠᠶ ᠬᠠᠭᠤᠳᠠᠰᠤ ᠶᠢ 321 ᠵᠤᠷᠪᠤᠰ ᠲᠣᠭᠲᠠᠭᠠᠪᠠ᠃ ᠡᠭᠦᠨ ᠤ ᠬᠠᠮᠲᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠤᠯᠠᠨ ᠲᠦᠮᠡᠨ ᠤ ᠰᠠᠨᠠᠯ ᠤᠨ ᠬᠠᠶᠢᠷᠴᠠᠭ ᠲᠤᠬᠢᠷᠠᠭᠤᠯᠬᠤ ᠪᠠᠷ ᠳᠠᠮᠵᠢᠭᠤᠯᠵᠤ᠂ ᠵᠠᠭᠤᠴᠢᠯᠠᠭᠤᠷ ᠤᠨ ᠬᠢᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︿ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ﹀ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠴᠤᠭᠯᠠᠭᠤᠯᠬᠤ ᠲᠤᠬᠠᠢ ᠠᠯᠪᠠᠨ ᠵᠠᠷ︾᠂ ︽12345 ︾ ᠬᠤᠲᠠ ᠶᠢᠨ ᠠᠷᠠᠳ ᠤᠨ ᠬᠠᠯᠠᠮᠰᠢᠯ ᠤᠲᠠᠰᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠵᠠᠬᠢᠶᠠᠯᠠᠭ᠎ᠠ︾ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ 4 ᠰᠠᠷ᠎ᠠ ᠶᠢᠨ ᠰᠡᠭᠦᠯᠴᠢ ᠪᠣᠯᠲᠠᠯ᠎ᠠ᠂ ᠣᠯᠠᠨ ᠲᠦᠮᠡᠨ ᠤ ᠬᠠᠷᠢᠭᠤ ᠲᠤᠰᠬᠠᠭᠰᠠᠨ 56 ᠵᠤᠷᠪᠤᠰ ᠰᠠᠨᠠᠯ ᠰᠠᠨᠠᠭᠤᠯᠭ᠎ᠠ ᠶᠢ ᠬᠤᠷᠢᠶᠠᠨ ᠣᠯᠵᠤ᠂ 48 ᠵᠤᠷᠪᠤᠰ ᠰᠠᠨᠠᠭᠤᠯᠭ᠎ᠠ ᠶᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠪᠤᠰᠤᠳ ᠪᠡᠶᠡᠯᠡᠭᠦᠯᠦᠭᠡᠳᠦᠶ ᠵᠦᠢᠯᠡᠰ ᠢ ᠲᠣᠭᠲᠠᠭᠰᠠᠨ ᠴᠠᠭ ᠤᠨ ᠳᠣᠲᠣᠷ᠎ᠠ ᠲᠣᠭᠲᠠᠭᠰᠠᠨ ᠬᠤᠭᠤᠴᠠᠭᠠᠨ ᠳᠤ ᠳᠠᠭᠤᠰᠬᠠᠪᠠ᠃ ᠡᠭᠦᠨ ᠳᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ︽ᠠᠷᠠᠳ ᠲᠤ ᠲᠥᠬᠦᠮ ᠦᠵᠡᠭᠦᠯᠬᠦ ᠥᠷᠲᠡᠭᠡ︾᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠤᠴᠢᠷ ᠶᠠᠪᠤᠳᠠᠯ ᠢ ᠡᠰᠡ ᠭᠦᠢᠴᠡᠳᠭᠡᠭᠰᠡᠨ ᠢ ᠲᠤᠰᠬᠠᠬᠤ︾ ᠴᠣᠩᠬᠤ᠂ ᠢ ᠵᠢᠩ ᠨᠡᠶᠢᠭᠡᠮ ᠲᠣᠭᠤᠷᠢᠭ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠰᠠᠨᠠᠯ ᠢ ᠴᠤᠭᠯᠠᠭᠤᠯᠬᠤ ᠲᠤᠬᠠᠶ ᠶᠢᠨ ᠲᠠᠯᠠᠪᠤᠷ ᠤᠨ ᠬᠤᠷᠠᠯ︾ ᠵᠡᠷᠭᠡ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ ᠂ ᠨᠡᠶᠢᠭᠡᠮ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号