5 ᠰᠠᠷ᠎ᠠ ᠶᠢᠨ 12 ᠤᠨ ᠡᠳᠦᠷ᠂ ᠤᠳᠠ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠭᠤᠷᠪᠠᠳᠤᠭᠠᠷ ᠤᠳᠠᠭ᠎ᠠ ᠶᠢᠨ | ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠹᠠᠨ ᠯᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠢ ᠬᠤᠷᠠᠯ ᠳᠤ | ᠣᠷᠣᠯᠴᠠᠭᠰᠠᠨ ᠪᠥᠭᠡᠳ ᠠᠵᠢᠯ ᠪᠠᠶᠢᠷᠢᠯᠠᠭᠤᠯᠪᠠ᠃ | | ᠬᠤᠷᠠᠯ ᠠᠴᠠ ᠮᠠᠨ ᠤ ᠲᠤᠭᠤᠷᠢᠭ ᠲᠤ ᠭᠦᠨᠵᠡᠭᠡᠶᠢᠷᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠦᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠸᠢᠳᠢᠣ᠋ ᠮᠠᠲ᠋ᠧᠷᠢᠶᠡᠯ ᠢ | ᠦᠵᠡᠪᠡ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠳᠤᠭᠤᠶᠢᠯᠠᠩ᠂ ᠠᠰᠠᠭᠤᠳᠠᠯ ᠢ ᠴᠡᠭᠴᠡᠯᠡᠨ | ᠥᠭᠡᠷᠡᠴᠢᠯᠡᠨ ᠪᠠᠶᠢᠭᠤᠯᠬᠤ᠂ ᠣᠷᠴᠢᠨ ᠠᠬᠤᠶ ᠶᠢ ᠰᠢᠯᠢᠳᠡᠭᠵᠢᠭᠦᠯᠬᠦ ᠳᠤᠭᠤᠶᠢᠯᠠᠩ ᠵᠡᠷᠭᠡ ᠠᠷᠪᠠᠨ ᠲᠤᠰᠬᠠᠶ | ᠠᠵᠢᠯ ᠤᠨ ᠳᠤᠭᠤᠶᠢᠯᠠᠩ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠲᠤᠭᠤᠷᠢᠭ ᠤᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ | ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠨᠢ ᠲᠣᠰ ᠲᠣᠰ ︽ᠮᠥᠩᠬᠡ ᠰᠣᠪᠠᠭ · ᠳᠥᠷᠪᠡᠨ ᠭᠦᠢᠴᠡᠳᠭᠡᠬᠦ︾᠂ ︽ᠲᠠᠪᠤ ᠶᠢ | ᠬᠠᠰᠤᠵᠤ ᠭᠤᠷᠪᠠᠨ ᠬᠠᠮᠤᠭ︾᠂ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠬᠤ ᠶᠢ ᠠᠬᠢᠭᠤᠯᠤᠭᠰᠠᠨ | ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠤᠨ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠲᠤᠰᠬᠠᠶ | ᠰᠡᠳᠦᠪᠲᠦ ᠬᠠᠷᠢᠭᠤ ᠮᠡᠳᠡᠭᠦᠯᠦᠯᠲᠡ ᠬᠢᠪᠠ᠃ | | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ︽ᠲᠠᠪᠤ ᠶᠢ ᠬᠠᠰᠤᠵᠦ ᠭᠤᠷᠪᠠᠨ ᠬᠠᠮᠤᠭ︾᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠠᠷᠪᠠᠨ ᠵᠦᠢᠯ ᠤᠨ ᠠᠷᠭ᠎ᠠ ᠬᠡᠮᠵᠢᠶ᠎ᠡ︾᠂ ︽ | ᠨᠢᠭᠡ ᠰᠦᠯᠵᠢᠶᠡᠨ ᠳᠡᠭᠡᠷ᠎ᠡ ᠨᠡᠶᠢᠳᠡᠮ ᠭᠦᠢᠴᠡᠳᠭᠡᠬᠦ︾᠂ ᠢᠨᠵᠧᠨᠧᠷᠢᠩ ᠤᠨ ᠲᠦᠷᠦᠯ ᠵᠦᠢᠯ ᠢ ᠬᠠᠮᠲᠤᠷᠠᠨ ᠬᠢᠨᠠᠨ | ᠵᠥᠪᠰᠢᠶᠡᠷᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠵᠢᠯ ᠤᠨ ᠡᠭᠦᠷᠭᠡ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠬᠠᠷᠠᠯᠲᠠ ᠶᠢ ᠲᠣᠳᠣᠷᠬᠠᠶᠢᠯᠠᠵᠤ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠠᠯ ᠠᠴᠠ᠂ ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠳᠤ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠳᠤᠲᠠᠭᠤᠳᠠᠯ ᠢᠶᠠᠨ | ᠲᠦᠷᠭᠡᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠴᠢᠩᠭ᠎ᠠ ᠰᠤᠯᠠᠳᠬᠠᠬᠤ ᠬᠡᠷᠡᠭᠲᠡᠢ᠃ ᠬᠤᠶᠠᠷ ᠲᠤ᠂ ᠬᠦᠴᠢᠷ | ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠬᠠᠨᠳᠤᠯᠭᠠᠲᠤ ᠴᠢᠨᠠᠷ᠂ ᠦᠷ᠎ᠡ ᠪᠦᠳᠦᠮᠵᠢᠳᠤ ᠴᠢᠨᠠᠷ ᠢ ᠴᠢᠩᠭᠠᠳᠬᠠᠵᠤ᠂ ᠪᠦᠬᠦ | ᠬᠦᠴᠦᠨ ᠢᠶᠠᠷ ᠢᠶᠠᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠤᠷᠳᠤᠴᠠ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠤᠯᠠᠨ | ᠨᠡᠶᠢᠲᠡ ᠶᠢᠨ ᠮᠡᠳᠡᠬᠦ ᠨᠤᠷᠮ᠎ᠠ᠂ ᠣᠷᠣᠯᠴᠠᠬᠤ ᠨᠤᠷᠮ᠎ᠠ᠂ ᠰᠡᠳᠬᠢᠯ ᠬᠠᠩᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ | ᠲᠦᠷᠪᠡ ᠳᠤ᠂ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠤ ᠦᠨᠡᠯᠡᠯᠲᠡ ᠶᠢ ᠮᠠᠨ ᠤ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠬᠦ ᠶᠢᠨ ᠴᠢᠬᠤᠯᠠ ᠠᠷᠭ᠎ᠠ ᠪᠠᠷᠢᠯ ᠪᠣᠯᠭᠠᠬᠤ ᠬᠡᠷᠡᠭᠲᠡᠢ᠃ | ᠲᠣᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠡᠯ᠎ᠡ ᠲᠤᠰᠬᠠᠢ ᠲᠦᠷᠦᠯ ᠤᠨ ᠳᠤᠭᠤᠶᠢᠯᠠᠩ᠂ ᠡᠯ᠎ᠡ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |