ᠤᠳᠠ ᠲᠣᠭᠤᠷᠢᠭ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠵᠢᠴᠢ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/13
     5 ᠰᠠᠷ᠎ᠠ ᠶᠢᠨ 12 ᠤᠨ ᠡᠳᠦᠷ᠂ ᠤᠳᠠ ᠲᠣᠭᠤᠷᠢᠭ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ  ᠣᠳᠠᠭᠠᠨ ᠤ ᠬᠤᠷᠠᠯ ᠵᠢᠴᠢ ᠠᠵᠢᠯ ᠢ ᠠᠬᠢᠭᠤᠯᠬᠤ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ ᠢᠦᠶ ᡁᠢ ᠶᠦᠩ᠂ ᠴᠠᠩ ᠢᠦᠶ ᠭᠠᠩ᠂ ᠴᠢᠶᠠᠨ ᠶᠦᠨ ᠭᠧ᠂ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃
    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠳᠠ ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︿ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ﹀ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ ︵ᠬᠢᠨᠠᠨ ᠵᠥᠪᠯᠡᠬᠦ ᠨᠣᠤᠷᠠᠭ︶︾ ᠢ ᠬᠢᠨᠠᠨ ᠵᠥᠪᠯᠡᠬᠦ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠵᠤ᠂ ᠪᠥᠬᠦ ᠲᠤᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠪᠠ ᠲᠣᠭᠤᠷᠢᠨ ᠵᠢᠯᠣᠭᠤᠳᠬᠤ ᠳᠤᠭᠤᠶᠢᠯᠠᠩ᠂  ᠦᠢᠯᠡᠳᠦᠯᠭᠡ ᠶᠢᠨ ᠠᠵᠢᠯᠯᠠᠭ᠎ᠠ ᠶᠢᠨ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠤᠯᠪᠣᠭᠳᠠᠯ ᠪᠥᠬᠦᠶ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠶᠢ ᠠᠳᠬᠤᠬᠤ᠂ ᠬᠥᠮᠦᠵᠢᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠴᠢᠷᠮᠠᠶᠢᠨ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠣᠳᠠᠲᠤ ᠶᠠᠪᠤᠳᠠᠯ ᠪᠦᠲᠦᠭᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠡᠭᠡᠷ᠎ᠡ ᠬᠦᠴᠦ ᠲᠠᠯᠪᠢᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠤ ᠲᠤᠰᠬᠠᠯ ᠲᠥᠪᠯᠡᠷᠡᠭᠰᠡᠨ ᠠᠰᠠᠭᠤᠳᠠᠯ ᠪᠣᠯᠤᠨ ᠠᠷᠠᠳ ᠤᠨ ᠠᠮᠢᠳᠤᠷᠠᠯ ᠤᠨ ᠬᠦᠷᠢᠶᠡᠨ ᠤ ᠳᠤᠲᠠᠭᠤᠳᠠᠯ ᠪᠠᠭᠤᠷᠠᠢ ᠵᠦᠢᠯᠡᠰ ᠤᠨ ᠲᠣᠭᠤᠷᠢᠨ ᠳᠤ᠂ ᠪᠣᠳᠠᠲᠠᠢ ᠶᠠᠪᠤᠳᠠᠯ ᠢ ᠨᠠᠷᠢᠨ ᠬᠢᠨᠠᠮᠠᠭᠠᠢ ᠬᠢᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠤᠯᠠᠨ ᠲᠦᠮᠡᠨ ᠤ ᠠᠩᠬᠠᠷᠤᠯ ᠢᠶᠠᠷ ᠥᠨᠳᠥᠷ᠂ ᠲᠤᠰᠬᠠᠯ ᠶᠡᠬᠡᠲᠡᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠢ ᠦᠨᠡᠨᠬᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠮᠤᠭ ᠤᠨ ᠶᠡᠭᠡ ᠠᠰᠢᠭ ᠬᠦᠷᠳᠡᠭᠴᠢ ᠪᠣᠯᠭᠠᠬᠤ ᠬᠡᠷᠡᠭᠲᠡᠢ᠃ ᠦᠨᠡᠨᠬᠦ ᠱᠠᠯᠠᠪᠳᠠᠭᠤᠯᠬᠤ᠂ ᠴᠢᠩᠭ᠎ᠠ ᠵᠢᠯᠣᠭᠤᠳᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠰᠢᠪᠠᠳᠠᠨ ᠱᠠᠭᠠᠷᠳᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠨᠠᠷ ᠰᠠᠶᠢᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ᠂ ᠰᠢᠨ᠎ᠡ ᠪᠠᠶᠢᠳᠠᠯ ᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠶ᠃ ︽ᠰᠢᠨ᠎ᠡ ᠪᠠᠶᠢᠳᠠᠯ ᠢ ᠨᠡᠭᠡᠭᠡᠬᠦ︾ ᠠᠵᠠ ᠲᠣᠬᠢᠶᠠᠯ ᠢ ᠪᠠᠲᠤ ᠡᠵᠡᠮᠳᠡᠵᠦ᠂ ᠴᠠᠭ ᠪᠠ ᠤᠶᠤᠨ ᠴᠢᠳᠠᠯ ᠢᠶᠠᠨ ᠰᠠᠶᠢᠲᠤᠷ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠡᠳᠦᠷ ᠳᠤᠳᠤᠮ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠤᠶᠤᠨ ᠴᠢᠳᠠᠯ ᠢᠶᠠᠨ ᠲᠥᠪᠯᠡᠷᠡᠭᠦᠯᠬᠦ᠂ ᠶᠣᠰᠣᠨ ᠲᠡᠳᠦᠢ ᠥᠩᠭᠡᠷᠡᠭᠦᠯᠬᠦ ᠦᠭᠡᠢ ᠪᠠᠶᠢᠬᠤ ᠶᠢ ᠪᠠᠲᠤᠯᠠᠵᠤ᠂ ᠡᠳᠦᠷ ᠳᠤᠳᠤᠮ ᠤᠨ ᠠᠵᠢᠯ ᠢ ᠯᠠᠪᠳᠠᠭᠤᠨ ᠪᠠᠲᠤᠲᠠᠢ᠂ ᠡᠮᠬᠢ ᠴᠡᠭᠴᠡ ᠲᠠᠢ ᠠᠳᠬᠤᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号