【 ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ 】 ᠤᠳᠠ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠠᠤᠯᠢ ᠴᠠᠭᠠᠵᠠ ᠶᠢ ᠬᠦᠯᠢᠴᠡᠩᠭᠦᠢ ᠪᠠᠷ ᠲᠦᠭᠡᠮᠡᠯᠵᠢᠭᠦᠯᠬᠦ ᠳᠤ ᠢᠳᠡᠪᠬᠢᠲᠡᠢ ᠬᠠᠨᠳᠤᠵᠤ ᠤᠯᠠᠨ ᠲᠦᠮᠡᠨ ᠤ ᠡᠳ᠋ ᠬᠦᠷᠦᠩᠭᠡ ᠶᠢᠨ ᠠᠮᠤᠷ ᠳᠥᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2021/5/14
    ᠤᠳᠠ ᠶᠢᠨ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠣᠶᠢᠷ᠎ᠠ ᠳᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠵᠠᠩ ᠠᠪᠠᠭ᠋ᠠᠶ ᠶᠢᠨ ᠭᠤᠶᠤᠴᠢᠯᠠᠯ ᠢ ᠲᠤᠰᠴᠤ᠂ ᠵᠠᠩ ᠠᠪᠠᠭ᠋ᠠᠶ ᠲᠤᠰᠬᠠᠭᠰᠠᠨ ᠨᠢ ᠄ ᠦᠬᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠢᠷᠡᠭᠦᠯᠦᠭᠰᠡᠨ ᠤᠲᠠᠰᠤ ᠶᠢ ᠲᠤᠰᠴᠤ᠂  ᠵᠣᠭᠤᠰ ᠤᠬᠢᠶᠠᠭᠰᠠᠨ ᠬᠡᠷᠡᠭ ᠲᠤ ᠬᠤᠯᠪᠣᠭᠳᠠᠭᠰᠠᠨ ᠭᠡᠵᠦ ᠮᠡᠳᠡᠭᠳᠡᠭᠰᠡᠨ ᠪᠥᠭᠡᠳ ᠪᠠᠩᠬᠢ ᠶᠢᠨ ᠺᠠᠷᠲ ᠤᠨ ᠦᠯᠡᠳᠡᠪᠦᠷᠢ ᠵᠣᠭᠤᠰ ᠢ ᠦᠬᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠡᠷ᠎ᠡ ᠳᠡᠭᠡᠷᠡᠬᠢ ᠠᠮᠤᠷ ᠲᠦᠪᠰᠢᠨ ᠤ ᠳᠠᠩᠰᠠᠨ ᠡᠷᠦᠬᠡ ᠳᠤ ᠰᠢᠯᠵᠢᠭᠦᠯᠬᠦ ᠬᠡᠷᠡᠭᠲᠡᠶ ᠬᠡᠵᠦ ᠱᠠᠭᠠᠷᠳᠠᠵᠠᠶ᠃
     ᠭᠤᠶᠤᠴᠢᠯᠠᠯ ᠢ ᠲᠤᠰᠤᠭᠰᠠᠨ ᠤ ᠳᠠᠷᠠᠭ᠎ᠠ᠂ ᠤᠳᠠ ᠶᠢᠨ ᠳᠣᠲᠣᠭᠠᠳᠤ ᠶᠢ ᠬᠠᠮᠠᠭᠠᠯᠠᠬᠤ ᠵᠢᠵᠢᠭᠦᠷ ᠤᠨ ᠴᠠᠭᠳᠠᠭ᠎ᠠ ᠡᠶᠢᠮᠦᠷᠬᠦ ᠬᠡᠷᠡᠭ ᠤᠨ ᠲᠤᠬᠠᠶ ᠣᠯᠠᠨ ᠵᠢᠯ ᠤᠨ ᠲᠤᠷᠰᠢᠬᠢ ᠬᠤᠷᠴᠠ ᠰᠡᠷᠭᠡᠭ ᠰᠡᠷᠡᠯ ᠢᠶᠠᠷ ᠢᠶᠠᠨ ᠵᠠᠩ ᠠᠪᠠᠭ᠋ᠠᠶ ᠳᠤ ᠴᠠᠬᠢᠯᠭᠠᠨ ᠬᠤᠯᠪᠣᠭᠠᠨ ᠤ ᠮᠡᠬᠡᠯᠡᠯ ᠳᠤ ᠤᠴᠠᠷᠠᠭᠰᠠᠨ ᠢ ᠲᠡᠷᠡ ᠳᠠᠷᠤᠶ ᠳᠤᠨᠢ ᠬᠡᠯᠡᠵᠦ ᠥᠭᠭᠦᠭᠰᠡᠨ ᠪᠠᠶᠢᠯ᠎ᠠ᠂ ᠨᠠᠨ ᠪᠣᠯ ︽ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ︾ ᠮᠡᠲᠦ ᠶᠢᠨ ᠴᠠᠬᠢᠯᠭᠠᠨ ᠬᠤᠯᠪᠣᠭᠠᠨ ᠤ ᠮᠡᠬᠡᠯᠡᠯ ᠢᠶᠠᠷ ᠣᠪᠯᠠᠭᠰᠠᠨ ᠨᠡᠶᠢᠲᠡᠯᠢᠭ ᠠᠷᠭ᠎ᠠ ᠪᠠᠷᠢᠯ ᠮᠥᠨ᠃ ᠲᠡᠷᠡ ᠮᠦᠷᠲᠡᠭᠡᠨ ᠵᠠᠩ ᠠᠪᠠᠭ᠋ᠠᠶ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠠᠷᠭ᠎ᠠ ᠪᠠᠷᠢᠯ ᠵᠢᠴᠢ ᠰᠡᠷᠭᠡᠶᠢᠯᠡᠬᠦ ᠮᠡᠳᠡᠯᠭᠡ ᠶᠢ ᠬᠠᠯᠠᠰᠢᠷᠠᠯ ᠥᠬᠡᠶ ᠲᠦᠭᠡᠮᠡᠯᠵᠢᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃
     ᠬᠡᠷᠡᠭ ᠶᠠᠪᠤᠳᠠᠯ ᠳᠠᠭᠤᠰᠤᠭᠰᠠᠨ ᠤ ᠳᠠᠷᠠᠭ᠎ᠠ᠂ ᠵᠠᠩ ᠠᠪᠠᠭ᠋ᠠᠶ ᠤᠳᠠ ᠲᠤᠭᠤᠷᠢᠭ ᠤᠨ  ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠶᠢᠨ ᠬᠠᠯᠠᠰᠢᠷᠠᠯ ᠦᠭᠡᠶ ᠲᠠᠶᠢᠯᠪᠤᠷᠢᠯᠠᠭᠰᠠᠨ ᠪᠠ ᠬᠠᠯᠠᠭᠤᠨ ᠰᠡᠳᠬᠢᠯ ᠢᠶᠠᠷ ᠠᠵᠢᠯᠯᠠᠭᠰᠠᠨ ᠣᠪᠣᠷ ᠢ ᠨᠤᠲᠠᠯᠠᠵᠤ ᠲᠠᠯᠠᠷᠬᠠᠭᠰᠠᠨ ᠪᠥᠭᠡᠳ ᠡᠨᠡ ᠤᠳᠠᠭ᠎ᠠ ᠶᠢᠨ ᠥᠩᠭᠡᠷᠡᠭᠡᠯᠲᠡ ᠪᠠᠷ ᠳᠡᠮᠵᠢᠨ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠶ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠬᠤᠣᠷ ᠬᠥᠨᠥᠭᠡᠯ ᠢ ᠴᠦ ᠰᠡᠷᠡᠵᠦ ᠮᠡᠳᠡᠭᠰᠡᠨ ᠪᠣᠯᠬᠤᠷ ᠬᠤᠶᠢᠰᠢᠳᠠ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠴᠠᠭ ᠢᠮᠠᠭᠲᠠ ᠠᠩᠬᠠᠷᠬᠤ ᠪᠣᠯᠤᠨ᠎ᠠ ᠭᠡᠵᠦ ᠬᠡᠯᠡᠭᠰᠡᠨ ᠪᠠᠶᠢᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号