2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | — — 2021 ᠣᠨ ᠤ 3 ᠰᠠᠷ᠎ᠠ ᠶᠢᠨ 17 ᠤ ᠡᠳᠦᠷ ᠤᠳᠠ ᠲᠤᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠶᠠᠨ ᠸᠧᠨ ᠯᠦᠩ | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ | ᠬᠢᠶ᠎ᠠ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ | ᠰᠤᠯᠠ ᠣᠷᠣᠯᠴᠠᠭᠰᠠᠨ ᠨᠦᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 ᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠤᠭᠤᠷᠢᠭ ᠤᠨ | ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ | ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠬᠦᠴᠦᠲᠡᠢ ᠠᠷᠭᠠᠴᠠᠵᠤ᠂ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠢᠷᠭᠤᠭ᠎ᠠ ᠶᠢ ᠲᠣᠭᠲᠠᠭᠤᠨ︾ ᠪᠠᠶᠢᠯᠭᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠰᠢᠨ᠎ᠡ ᠳᠡᠭᠲᠡᠷ ᠲᠤ ᠭᠠᠷᠭᠠᠪᠠ᠃ | ︽ᠠᠷᠪᠡᠨ ᠭᠤᠷᠪᠠᠳᠤᠭᠠᠷ ᠲᠠᠪᠤᠨ ᠵᠢᠯ︾ ᠶᠢᠨ ᠬᠤᠭᠤᠴᠠᠭᠠᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ | ᠪᠥᠬᠦ ᠥᠷᠲᠡᠭ ᠵᠢᠯ ᠤᠨ ᠳᠤᠮᠳᠠᠴᠢ ᠪᠠᠷ 6.8% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠵᠢᠯ ᠤᠨ ᠳᠤᠮᠳᠠᠴᠢ ᠪᠠᠷ 3.4% ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠳᠤᠮᠳᠠᠴᠢ ᠪᠠᠷ 6. | 1% ᠪᠠᠷ ᠨᠡᠮᠡᠭᠳᠡᠪᠡ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠵᠢᠯ ᠤᠨ | ᠳᠤᠮᠳᠠᠴᠢ ᠪᠠᠷ 5.9% ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠤᠨ | ᠳᠤᠮᠳᠠᠴᠢ ᠪᠠᠷ 3.7% ᠪᠠᠷ ᠨᠡᠮᠡᠭᠳᠡᠪᠡ᠃ | — ᠲᠠᠪᠤᠨ ᠵᠢᠯ ᠤᠨ ᠲᠤᠷᠰᠢ᠂ ᠪᠢᠳᠡ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠠᠷᠢᠮᠲᠠᠯᠠᠵᠤ᠂ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠨᠡᠩ | ᠪᠠᠲᠤᠳᠬᠠᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 11% ᠪᠠᠷ ᠨᠡᠮᠡᠭᠳᠡᠪᠡ︔ | ᠠᠵᠤ ᠦᠢᠯᠡᠳᠪᠦᠷᠢ ᠶᠢᠨ ᠮᠥ ᠪᠦᠷᠢ ᠶᠢᠨ ᠭᠠᠶᠢᠯᠢ ᠶᠢᠨ ᠣᠷᠣᠯᠭ᠎ᠠ 15 ᠲᠦᠮᠡᠨ ᠲᠥᠭᠦᠷᠢᠭ ᠲᠤ ᠬᠦᠷᠴᠦ᠂ ︽ | ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ ᠬᠢ ᠠᠴᠠ 7 | ᠲᠦᠮᠡᠨ ᠲᠥᠭᠦᠷᠢᠭ ᠨᠡᠮᠡᠭᠳᠡᠪᠡ︔ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠮᠥ ᠪᠦᠷᠢ ᠶᠢᠨ ᠤᠨᠠᠯᠲᠠ ᠶᠢᠨ | ᠬᠦᠴᠦᠯᠡᠴᠡ 500 ᠲᠦᠮᠡᠨ ᠲᠥᠭᠦᠷᠢᠭ ᠢ ᠳᠠᠪᠠᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ ᠬᠢ ᠠᠴᠠ 215 ᠲᠦᠮᠡᠨ ᠲᠥᠭᠦᠷᠢᠭ ᠳᠡᠭᠡᠭᠰᠢᠯᠡᠪᠡ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠠᠪᠤᠨ ᠵᠢᠯ ᠳᠤ | ᠨᠡᠶᠢᠲᠡ 69 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠣᠯᠠᠨ ᠤᠯᠤᠰ ᠤᠨ ᠬᠢᠮᠢ ᠶᠢᠨ ᠠᠵᠤ | ᠦᠢᠯᠡᠳᠪᠦᠷᠢ ᠶᠢᠨ ᠲᠣᠮᠣ ᠲᠣᠯᠣᠭᠠᠶᠢᠯᠠᠭᠴᠢ ᠺᠠᠪᠤᠲ ᠺᠣᠮᠫᠠᠨᠢ᠂ ᠪᠥᠬᠦ ᠤᠯᠤᠰ ᠤᠨ ᠬᠠᠮᠤᠭ ᠤᠨ ᠲᠣᠮᠣ ᠨᠠᠷᠢᠯᠢᠭ | ᠹᠣᠰᠹᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠬᠤᠪᠸᠢ ᠶᠢᠨ ᠰᠢᠩ ᠹᠠ ᠪᠦᠯᠦᠭᠯᠡᠯ ᠭᠡᠷ᠎ᠡ | ᠲᠣᠭᠲᠠᠨ ᠣᠷᠣᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠪᠠ ᠭᠠᠳᠠᠭᠠᠳᠤ ᠪᠡᠯᠡ ᠶᠢᠨ ᠠᠵᠤ | ᠠᠬᠤᠶᠢᠯᠠᠯ ᠢ 4 ᠡᠷᠦᠬᠡ ᠣᠷᠣᠭᠤᠯᠤᠨ ᠠᠪᠴᠢᠷᠠᠪᠠ᠃ ᠭᠤᠣᠯᠯᠠᠬᠤ ᠠᠵᠤ ᠦᠢᠯᠡᠰ ᠤᠨ ᠳᠠᠪᠠᠭᠤᠯᠢᠭ ᠢ ᠲᠠᠰᠤᠷᠠᠯᠲᠠ | ᠦᠭᠡᠢ ᠪᠠᠬᠢᠵᠢᠭᠦᠯᠦᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠵᠦᠢᠯᠡᠰ ᠢ 92 | ᠬᠡᠷᠡᠭᠵᠢᠭᠦᠯᠵᠦ᠂ ᠠᠦ᠋ᠲ᠋ᠣᠴᠢᠯᠠᠭᠰᠠᠨ ᠦᠢᠯᠡᠳᠪᠦᠷᠢ ᠶᠢᠨ ᠲᠠᠰᠤᠭ ᠢ 54 ᠰᠢᠨ᠎ᠡ ᠪᠠᠷ ᠨᠡᠮᠡᠭᠳᠡᠭᠦᠯᠦᠨ᠂ ᠾᠧᠩ ᠶᠧ | ᠴᠧᠩ ᠤᠯᠤᠰ ᠤᠨ ᠳᠣᠲᠣᠭᠠᠳᠤ ᠶᠢᠨ ᠠᠩᠬᠠᠳᠠᠭᠴᠢ ᠪᠦᠷᠢᠨ ᠠᠦ᠋ᠲ᠋ᠣᠴᠢᠯᠠᠭᠰᠠᠨ ᠬᠡᠢ ᠪᠠᠷ ᠬᠤᠯᠢᠯᠳᠤᠭᠤᠯᠤᠨ | ᠪᠣᠯᠪᠠᠰᠤᠷᠠᠭᠤᠯᠬᠤ ᠴᠠᠪᠠᠤ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠨᠡᠷᠡᠨ ᠤ ᠭᠡᠷᠡᠯ ᠤᠨ | ᠨᠡᠭᠦᠷᠡᠰᠦᠳᠦ᠋ᠷᠦᠭᠴᠢᠳᠦ ᠪᠣᠯᠤᠳ ᠤᠨ ᠴᠠᠬᠢᠯᠭᠠᠨ ᠲᠦᠢᠯ ᠤᠨ ᠵᠤᠲᠠᠩ ᠤᠨ ᠦᠢᠯᠡᠳᠪᠦᠷᠢᠯᠡᠬᠦ ᠴᠢᠳᠠᠪᠤᠷᠢ ᠶᠢ ᠪᠦᠬᠦ | ᠤᠯᠤᠰ ᠤᠨ ᠨᠢᠭᠡᠳᠦᠭᠡᠷ ᠲᠤ ᠣᠷᠣᠭᠤᠯᠪᠠ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢ ᠲᠥᠪᠯᠡᠷᠡᠭᠦᠯᠦᠨ | ᠬᠥᠭᠵᠢᠭᠦᠯᠵᠦ᠂ ᠲᠤᠯᠭᠠᠭᠤᠷᠢ ᠠᠵᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ | ᠤᠷᠲᠤᠳᠬᠠᠬᠤ ᠶᠢᠨ ᠲᠣᠭᠤᠷᠢᠨ ᠳᠤ 29 ᠵᠦᠢᠯᠡᠰ ᠢ ᠡᠬᠢᠯᠡᠨ ᠪᠦᠳᠦᠭᠡᠨ ᠪᠠᠶᠢᠭᠤᠯᠵᠤ᠂ 16 ᠵᠦᠢᠯᠡᠰ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢ ᠳᠡᠭᠡᠳᠦ | ᠲᠡᠰ ᠤᠨ ᠪᠠ ᠪᠣᠬᠢᠷᠲᠤᠯ ᠦᠭᠡᠢ ᠪᠣᠯᠭᠠᠬᠤ ᠲᠡᠶᠢᠰᠢ ᠤᠷᠤᠭᠰᠢᠯᠠᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠠᠯ᠎ᠠ ᠪᠠᠷ ᠲᠠᠰᠤᠷᠠᠯᠲᠠ ᠥᠬᠡᠶ ᠰᠢᠪᠲᠤᠯᠤᠯᠲᠠ ᠭᠠᠷᠭᠠᠵᠤ᠂ 7 ᠠᠵᠤ ᠠᠬᠤᠶᠢᠯᠠᠯ ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠨᠡᠮᠰᠢᠯ ᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ 11 ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ | ᠲᠠᠰᠤᠷᠠᠯᠲᠠ ᠦᠭᠡᠢ ᠴᠢᠩᠭᠠᠷᠠᠭᠤᠯᠵᠤ᠂ ᠣᠷᠴᠢᠨ ᠠᠬᠤᠶ ᠶᠢᠨ ᠬᠠᠤᠯᠢ ᠠᠴᠠ ᠵᠥᠷᠢᠴᠡᠭᠰᠡᠨ 224 ᠬᠡᠷᠡᠭ ᠢ | ᠪᠠᠶᠢᠴᠠᠭᠠᠨ ᠰᠢᠢᠳᠪᠦᠷᠢᠯᠡᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠡᠯ᠎ᠡ ᠲᠦᠷᠦᠯ ᠤᠨ 355 ᠵᠦᠢᠯᠡᠰ ᠢ | ᠬᠡᠷᠡᠭᠵᠢᠭᠦᠯᠪᠡ᠃ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠨᠡᠩ ᠪᠠᠲᠤᠯᠠᠭ᠎ᠠ ᠲᠠᠢ ᠪᠣᠯᠭᠠᠵᠤ᠂ ᠳᠥᠷᠪᠡᠨ | ᠭᠤᠯᠳᠤ ᠭᠤᠷᠪᠠᠨ ᠬᠥᠨᠳᠡᠯᠡᠨ ᠭᠤᠣᠯ ᠵᠠᠮ ᠤᠨ ᠲᠣᠣᠷ ᠤᠨ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠵᠦ᠂ | ᠬᠤᠣᠰ ᠴᠠᠬᠢᠯᠭᠠᠨ ᠡᠭᠦᠰᠭᠡᠭᠴᠢ ᠶᠢᠨ ᠲᠣᠭᠲᠠᠪᠤᠷᠢᠲᠠᠶ ᠴᠠᠬᠢᠯᠭᠠᠨ ᠬᠠᠩᠭᠠᠬᠤ ᠰᠢᠰᠲ᠋ᠧᠮ ᠢ ᠪᠠᠶᠢᠭᠤᠯᠵᠤ᠂ ᠠᠭᠤᠷ᠂ | ᠪᠠᠶᠢᠭᠠᠯᠢ ᠶᠢᠨ ᠰᠢᠲᠠᠮᠠᠬᠠᠶ ᠬᠡᠢ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠣᠷ ᠢ ᠬᠦᠷᠢᠶᠡᠯᠡᠩ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠭ ᠲᠤ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠵᠦ᠂ | ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠶᠢ ᠴᠢᠨᠠᠷ ᠬᠤᠪᠢᠶᠠᠨ ᠤᠰᠤ ᠬᠠᠩᠭᠠᠬᠤ᠂ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠶᠢ ᠲᠣᠭᠲᠠᠭᠤᠨ ᠢᠶᠠᠷ ᠡᠵᠡᠩᠨᠡᠬᠦ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ | ᠵᠦᠢᠯᠡᠰ ᠲᠤ ᠬᠠᠲᠤᠨ ᠭᠤᠣᠯ ᠤᠨ ᠤᠰᠤᠨ ᠤ ᠡᠷᠬᠡ ᠶᠢᠨ ᠭᠦᠢᠴᠡᠳᠬᠡᠬᠦ ᠲᠤᠭ᠎ᠠ ᠶᠢ 1682 ᠲᠦᠮᠡᠨ ᠪᠣᠰᠤᠭ᠎ᠠ | ᠳᠥᠷᠪᠡᠯᠵᠢᠨ ᠮᠧᠲᠷ ᠪᠠᠶᠢᠯᠳᠤᠨ ᠣᠯᠵᠦ᠂ 3856 ᠮᠦ ᠳᠣᠣᠷ᠎ᠠ ᠠᠰᠢᠭᠯᠠᠮᠵᠢ ᠲᠠᠢ ᠭᠠᠵᠠᠷ ᠢ ᠠᠮᠢᠳᠤᠯᠢᠭ ᠪᠣᠯᠭᠠᠵᠤ | ᠂ ᠡᠨᠧᠷᠭᠢ ᠬᠡᠷᠡᠭᠯᠡᠬᠦ ᠣᠷᠣᠨ ᠵᠠᠶ ᠶᠢ 74 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠷ ᠰᠤᠯᠠᠯᠠᠨ ᠭᠠᠷᠭᠠᠪᠠ᠃ | — ᠲᠠᠪᠤᠨ ᠵᠢᠯ ᠤᠨ ᠲᠤᠷᠰᠢ᠂ ᠪᠢᠳᠡ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ | ᠴᠢᠳᠠᠮᠵᠢ ᠶᠢᠨ ᠲᠡᠭᠦᠯᠳᠡᠷᠵᠢᠯᠲᠡ ᠶᠢ ᠲᠦᠷᠭᠡᠳᠬᠡᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠴᠢᠨᠠᠷ | ᠴᠢᠨᠰᠠᠭ᠎ᠠ ᠶᠢ ᠢᠯᠡᠳᠲᠡ ᠳᠡᠭᠡᠭᠰᠢᠯᠡᠭᠦᠯᠪᠡ᠃ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ | ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ 9 ᠵᠢᠵᠢᠭ ᠲᠣᠭᠤᠷᠢᠭ ᠤᠨ 5585 ᠢᠵᠢ | ᠲᠥᠪᠬᠢᠨᠡᠭᠦᠯᠬᠦ ᠣᠷᠣᠨ ᠰᠠᠭᠤᠴᠠ ᠶᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ 4 ᠵᠢᠵᠢᠭ ᠲᠣᠭᠤᠷᠢᠭ ᠤᠨ | 2428 ᠢᠵᠢ ᠲᠥᠪᠬᠢᠨᠡᠭᠦᠯᠬᠦ ᠣᠷᠣᠨ ᠰᠠᠭᠤᠴᠠ ᠶᠢ ᠲᠤᠰᠢᠶᠠᠨ ᠥᠭᠴᠦ ᠬᠡᠷᠡᠭᠯᠡᠭᠦᠯᠵᠦ᠂ ᠬᠤᠳᠠ ᠶᠢᠨ ᠳᠥᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ 4700 ᠭᠠᠷᠤᠶ ᠰᠠᠭᠤᠭᠠᠯᠢ ᠠᠷᠠᠳ ᠢ ᠲᠣᠬᠢᠲᠠᠶ | ᠲᠥᠪᠬᠢᠨᠡᠭᠦᠯᠪᠡ᠃ ᠬᠤᠲᠠ ᠶᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠦᠬᠠᠶ ᠨᠠᠭᠤᠷ ᠤᠨ | ᠶᠡᠭᠡ ᠬᠥᠭᠦᠷᠭᠡ᠂ ᠬᠠᠲᠤᠨ ᠭᠤᠣᠯ ᠤᠨ ᠣᠨᠴᠠ ᠶᠡᠭᠡ ᠬᠥᠭᠦᠷᠭᠡ᠂ ᠪᠠᠶᠠᠨᠰᠠᠶᠢᠨ ᠵᠦᠷᠢᠯᠢᠭ ᠬᠥᠭᠦᠷᠭᠡ | ᠪᠠᠶᠢᠭᠤᠯᠤᠭᠳᠠᠵᠤ ᠲᠡᠷᠭᠡ ᠨᠡᠪᠲᠡᠷᠡᠪᠡ᠃ 21 ᠵᠤᠷᠪᠤᠰ ᠵᠠᠮ ᠢ ᠨᠡᠪᠲᠡᠷᠡᠭᠦᠯᠵᠦ᠂ 11 ᠵᠢᠵᠢᠭ ᠲᠣᠭᠤᠷᠢᠭ ᠤᠨ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠂ 31 ᠬᠡᠰᠡᠭ | ᠲᠣᠭᠤᠷᠢᠭ ᠤᠨ ᠪᠠᠶᠢᠰᠢᠩ ᠬᠡᠷ ᠤᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠢᠯᠴᠢ ᠬᠠᠩᠭᠠᠬᠤ᠂ ᠤᠰᠤ | ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ ᠢ 475.8 ᠺᠢᠯᠣᠮᠧᠲᠷ ᠳᠡᠪᠢᠰᠴᠦ᠂ ᠢᠯᠴᠢ ᠬᠠᠩᠭᠠᠬᠤ | ᠲᠠᠯᠠᠪᠠᠶ ᠶᠢ 113 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ ᠶᠠᠪᠠᠭᠠᠨ ᠬᠥᠮᠦᠨ ᠤ | ᠶᠠᠪᠠᠭᠠᠨ ᠵᠠᠮ ᠢ 26.5 ᠲᠦᠮᠡᠨ ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠤᠨ ᠳᠡᠪᠢᠰᠴᠦ᠂ ︽ᠭᠤᠷᠪᠠᠨ | ᠬᠠᠩᠭᠠᠯᠭ᠎ᠠ ᠨᠢᠭᠡ ᠦᠢᠯᠡᠰ︾ ᠢ ᠰᠢᠯᠵᠢᠭᠦᠯᠦᠨ ᠲᠤᠰᠢᠶᠠᠵᠤ ᠥᠭᠡᠷᠡᠴᠢᠯᠡᠬᠦ ᠶᠢ ᠪᠡᠶᠡᠯᠡᠭᠦᠯᠵᠦ᠂ | ᠨᠣᠭᠤᠭᠠᠷᠠᠭᠤᠯᠤᠯᠲᠠ ᠶᠢᠨ ᠲᠠᠯᠠᠪᠠᠶ ᠶᠢ 429 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ | ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 39.3% ᠳᠤ | ᠬᠦᠷᠦᠭᠦᠯᠪᠡ᠃ | — ᠲᠠᠪᠤᠨ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠤ ᠠᠰᠢᠭ | ᠬᠦᠷᠲᠡᠭᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ ᠬᠡᠷᠡᠭᠯᠡᠭᠰᠡᠨ ᠠᠴᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠦᠷᠭᠦᠯᠵᠢᠯᠡᠨ ᠰᠠᠶᠢᠵᠢᠷᠠᠭᠤᠯᠪᠠ᠃ ᠰᠤᠷᠭᠠᠨ ᠬᠥᠮᠦᠵᠢᠯ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠳᠡᠭᠡᠨ ᠲᠡᠩᠴᠡᠭᠦᠷᠢᠲᠡᠶ | ᠪᠠᠶᠢᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠡᠵᠦ᠂ ᠪᠥᠬᠦ ᠲᠤᠭᠤᠷᠢᠭ ᠤᠨ | ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠳᠤᠮᠳᠠᠴᠢ ᠬᠢᠷᠢ ᠪᠦᠲᠦᠮᠵᠢ ᠲᠠᠪᠤᠨ ᠵᠢᠯ ᠳᠠᠷᠠᠭᠠᠯᠠᠨ | ᠪᠥᠬᠦ ᠬᠤᠲᠠ ᠳᠤ ᠲᠡᠷᠢᠭᠦᠯᠡᠪᠡ᠃ ᠡᠮᠴᠢᠯᠡᠭᠡᠨ ᠤ ᠦᠢᠯᠡᠴᠢᠯᠡᠭᠡ ᠶᠢ ᠨᠠᠩ ᠴᠢᠨᠠᠷ ᠰᠠᠶᠢᠲᠠᠶ ᠪᠣᠯᠭᠠᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠤᠳᠠᠭᠠᠨ ᠴᠢᠨᠠᠷᠲᠠᠶ ᠡᠪᠡᠳᠴᠢᠨ ᠤ ᠵᠢᠱᠢᠶ᠎ᠡ ᠦᠵᠡᠭᠦᠯᠬᠦ ᠣᠷᠣᠨ᠂ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠵᠢᠷᠤᠮᠵᠢᠭᠰᠠᠨ ᠣᠷᠣᠨ᠂ ᠡᠷᠡᠭᠦᠯ ᠮᠡᠨᠳᠦ ᠶᠢ ᠠᠬᠢᠭᠤᠯᠬᠤ ᠣᠷᠣᠨ ᠢ | ᠡᠭᠦᠳᠦᠨ ᠪᠠᠶᠢᠭᠤᠯᠬᠤ ᠶᠢ ᠪᠡᠶᠡᠯᠡᠭᠦᠯᠪᠡ᠃ ᠰᠣᠶᠣᠯ ᠵᠤᠭᠠᠴᠠᠯ ᠤᠨ ᠬᠥᠳᠡᠯᠭᠡᠭᠡᠨ ᠤ ᠡᠨᠧᠷᠭᠢ ᠲᠠᠰᠤᠷᠠᠯᠲᠠ | ᠦᠭᠡᠢ ᠬᠤᠷᠠᠮᠳᠤᠵᠤ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 380 ᠭᠠᠷᠤᠢ ᠲᠠᠯᠠᠪᠠᠢ ᠡᠷᠬᠢᠯᠡᠵᠦ᠂ ᠲᠤᠮᠤ | ᠬᠡᠯᠪᠡᠷᠢ ᠶᠢᠨ ᠭᠤᠣᠯ ᠰᠡᠳᠦᠪᠲᠦ ᠰᠣᠶᠣᠯ ᠵᠤᠭᠠᠴᠠᠯ ᠤᠨ ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ 50 | ᠲᠦᠮᠡ ᠭᠠᠷᠤᠢ ᠬᠥᠮᠦᠨ ᠤᠳᠠᠭ᠎ᠠ ᠳᠤ ᠬᠦᠷᠴᠡᠢ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠬᠦ ᠬᠠᠷᠠᠯᠲᠠ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ 123 ᠡᠷᠤᠭᠡ ᠲᠠᠩᠰᠠᠯᠠᠨ ᠺᠠᠷᠲᠯᠠᠭᠰᠠᠨ | ᠶᠠᠳᠠᠭᠤ ᠬᠦᠴᠢᠷᠳᠡᠯ ᠲᠠᠢ ᠡᠷᠤᠭᠡ ᠶᠢ ᠪᠥᠬᠦᠳᠡ ᠶᠢ ᠶᠠᠳᠠᠭᠤ ᠠᠴᠠ ᠠᠩᠭᠢᠵᠢᠷᠠᠭᠤᠯᠪᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢ | ᠲᠣᠭᠲᠠᠭᠤᠨ ᠢᠶᠠᠷ ᠠᠷᠢᠯᠭᠠᠵᠤ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ | ᠶᠡᠷᠦᠩᠬᠡᠶ ᠳᠡᠭᠡᠨ ᠡᠵᠡᠮᠳᠡᠵᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠵᠢᠯ | ᠣᠯᠭᠤᠯᠲᠠ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠪᠠᠲᠤᠯᠠᠭ᠎ᠠ ᠶᠢᠨ | ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ | ᠲᠥᠯᠥᠭᠡᠯᠡᠭᠴᠢᠳ ᠡ︕ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠪᠢᠳᠡ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠲᠠᠭᠤ ᠰᠢᠯᠭᠠᠯᠲᠠ ᠶᠢ ᠳᠠᠭᠠᠭᠠᠵᠤ | ᠴᠢᠳᠠᠭᠰᠠᠨ ᠶᠤᠮ᠃ ᠶᠡᠷᠦᠩᠬᠡᠶ ᠱᠦᠵᠢ ᠰᠢ ᠶᠢᠨ ᠫᠢᠩ ᠥᠪᠡᠷ ᠤᠨ ᠪᠡᠶ᠎ᠡ ᠪᠠᠷ ᠢᠶᠠᠨ ᠵᠢᠯᠣᠭᠤᠳᠴᠤ᠂ ᠥᠪᠡᠷ ᠤᠨ | ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠪᠠᠶᠢᠨ᠎ᠠ᠂ ᠪᠢᠳᠡ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠭᠠᠳᠠᠨ᠎ᠠ ᠠᠴᠠ | ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠪᠠᠷᠢᠮᠲᠠᠯᠠᠨ᠂ ︽ᠶᠡᠭᠡ | ᠳ᠋ᠠᠶᠢᠲ᠋ᠠ + ᠲᠣᠣᠷᠵᠢᠭᠤᠯᠤᠯᠲᠠ︾ ᠶᠢ ᠬᠡᠷᠡᠭᠯᠡᠨ ᠨᠠᠷᠢᠯᠢᠭ ᠣᠨᠣᠴᠠᠲᠠᠶ ᠪᠠᠷ ᠵᠠᠬ᠎ᠠ ᠳᠠᠷᠠᠭᠠᠯᠠᠨ ᠪᠠᠶᠢᠴᠠᠭᠠᠯᠲᠠ | ᠬᠢᠬᠦ ᠪᠠᠷ ᠬᠠᠮᠢᠶᠠᠷᠤᠨ ᠡᠵᠡᠮᠳᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠢᠵᠢᠭ ᠢ ᠰᠡᠷᠭᠡᠶᠢᠯᠡᠬᠦ ᠲᠣᠣᠷ ᠢ ᠨᠢᠭᠲᠠ ᠰᠦᠯᠵᠢᠵᠦ᠂ ᠭᠠᠳᠠᠨ᠎ᠠ ᠠᠴᠠ | ᠢᠷᠡᠭᠰᠡᠨ ᠬᠥᠮᠦᠨ ᠢ ᠨᠡᠶᠢᠳᠡ 9 ᠲᠦᠮᠡ ᠭᠠᠷᠤᠶ ᠬᠥᠮᠦᠨ ᠤᠳᠠᠭ᠎ᠠ ᠵᠢᠭᠰᠠᠭᠠᠨ ᠪᠠᠶᠢᠴᠠᠭᠠᠵᠤ᠂ ᠵᠠᠬ᠎ᠠ ᠳᠠᠷᠠᠭᠠᠯᠠᠨ | ᠪᠠᠶᠢᠴᠠᠭᠠᠯᠲᠠ ᠬᠢᠬᠦ ᠪᠠᠷ ᠬᠠᠮᠢᠶᠠᠷᠤᠨ ᠡᠵᠡᠮᠳᠡᠬᠦ ᠶᠢ ᠨᠢᠭᠡ ᠡᠷᠦᠭᠡ ᠶᠢ ᠴᠦ ᠣᠷᠬᠢᠭᠳᠠᠭᠤᠯᠬᠤ ᠦᠭᠡᠢ᠂ ᠨᠢᠭᠡ | ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠨᠢᠭᠡᠳᠦᠭᠡᠷ ᠹᠷᠣᠨᠲ ᠲᠤ ᠪᠠᠭᠤᠵᠤ ᠲᠦᠷᠦ ᠶᠢᠨ ᠪᠤᠳᠤᠯᠭ᠎ᠠ ᠬᠦᠷᠭᠡᠵᠦ᠂ ᠦᠢᠯᠡᠴᠢᠯᠡᠭᠡ ᠬᠦᠷᠭᠡᠵᠦ᠂ ᠡᠯ᠎ᠡ | ᠹᠷᠣᠨᠲ ᠤᠨ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢᠳ ᠡᠳᠦᠷ ᠰᠥᠨᠢ ᠦᠭᠡᠢ ᠪᠠᠲᠤ ᠰᠠᠬᠢᠵᠤ᠂ ᠠᠮᠢ | ᠪᠡᠶ᠎ᠡ ᠪᠠᠨ ᠤᠮᠠᠷᠲᠠᠨ ᠠᠵᠢᠯᠯᠠᠵᠤ᠂ ᠥᠷᠭᠡᠨ ᠤᠯᠠᠨ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ | ᠤᠬᠠᠮᠰᠠᠷ ᠠᠴᠠ ᠪᠠᠨ ᠪᠡᠶ᠎ᠡ ᠪᠠᠨ ᠱᠠᠭᠠᠷᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠷᠠᠮ ᠦᠭᠡᠢ ᠳᠡᠮᠵᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠪᠦᠬᠦ ᠲᠤᠭᠤᠷᠢᠭ ᠤᠨ ︽ᠡᠷᠡᠰ ᠬᠠᠯᠳᠠᠪᠦᠷᠢᠯᠠᠭᠰᠠᠨ | ᠦᠭᠡᠢ︾ ᠰᠢᠯᠢᠳᠡᠭ ᠠᠮᠵᠢᠯᠲᠠ ᠶᠢ ᠣᠯᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠭᠰᠠᠨ ᠪᠠᠶᠢᠨ᠎ᠠ᠃ ᠪᠢᠳᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠪᠠᠶᠢᠳᠠᠯ ᠢ ᠣᠨᠣᠪᠴᠢᠲᠠᠶ ᠰᠤᠳᠤᠯᠤᠨ ᠮᠠᠭᠠᠳᠯᠠᠵᠤ᠂ ᠨᠠᠷᠢᠨ ᠨᠢᠮᠪᠠᠶ ᠲᠥᠯᠥᠪᠯᠡᠨ | ᠪᠠᠶᠢᠷᠢᠯᠠᠭᠤᠯᠵᠤ᠂ ᠡᠷᠡᠰ ᠰᠢᠭᠤᠷᠬᠠᠶ ᠪᠠᠷ ᠠᠵᠢᠯᠯᠠᠭ᠎ᠠ ᠠᠪᠴᠤ᠂ ᠤᠷᠢᠳ ᠢᠶᠠᠷ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠨ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠵᠡᠷᠭᠡ ᠠᠵᠤ ᠠᠬᠤᠶᠢᠯᠠᠯ ᠢ ᠲᠡᠳᠬᠦᠨ ᠠᠵᠤ ᠠᠬᠤᠶᠢᠯᠠᠯ ᠢ ᠲᠣᠭᠲᠠᠪᠤᠷᠢᠵᠢᠭᠤᠯᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ | ᠠᠵᠢᠯᠯᠠᠭᠠᠨ ᠤ ᠥᠪᠡᠷ ᠤᠨ ᠦᠷᠳᠡᠭ ᠢ ᠪᠠᠷᠤᠭ 3.35 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠠᠵᠤ ᠠᠬᠤᠶ | ᠨᠡᠶᠢᠭᠡᠮ ᠤᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢ ᠪᠠᠲᠤᠯᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠠᠯ᠎ᠠ ᠪᠠᠷ ᠰᠢᠢᠳᠪᠦᠷᠢᠯᠡᠭᠴᠢ ᠴᠢᠨᠠᠷᠲᠠᠶ ᠠᠮᠵᠢᠯᠲᠠ | ᠪᠦᠲᠦᠮᠵᠢ ᠤᠯᠪᠠ᠃ | ᠡᠨᠡ ᠨᠢᠭᠡ ᠵᠢᠯ ᠳᠤ᠂ ᠪᠢᠳᠡ ᠠᠵᠤ ᠠᠬᠤᠶ ᠶᠢᠨ ᠪᠠᠭᠤᠷᠠᠯᠲᠠ ᠶᠢᠨ ᠯᠤᠲᠤ ᠶᠡᠭᠡ ᠳᠠᠷᠤᠯᠲᠠ ᠶᠢ ᠲᠤᠯᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠲᠣᠭᠲᠠᠭᠤᠨ ᠢᠶᠠᠷ ᠰᠠᠶᠢᠵᠢᠷᠠᠬᠤ ᠶᠢ ᠪᠡᠶᠡᠯᠡᠭᠦᠯᠵᠦ᠂ ᠶᠠᠰᠤ ᠴᠢᠨᠠᠷ ᠦᠷ᠎ᠡ ᠠᠰᠢᠭ ᠢ | ᠦᠷᠭᠦᠯᠵᠢᠯᠡᠨ ᠳᠡᠭᠡᠭᠰᠢᠯᠡᠭᠦᠯᠪᠡ᠃ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 32.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 12.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠳᠤ ᠲᠦᠢᠯ ᠤᠨ | ᠣᠨᠣᠪᠴᠢᠲᠠᠶ ᠪᠠᠷ ᠬᠦᠴᠦᠯᠡᠪᠡ᠃ ᠤᠯᠤᠰ ᠤᠨ ᠭᠠᠯ ᠪᠠᠮᠪᠠᠷ ᠤᠨ ᠲᠥᠯᠥᠪᠯᠡᠭᠡ ᠶᠢᠨ ᠭᠤᠣᠯᠳᠠᠯᠭ᠎ᠠ ᠲᠠᠢ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠦᠩ ᠨᠢᠩ ᠡᠮ ᠤᠨ ᠦᠢᠯᠡᠰ ᠪᠠ ᠲᠠᠷᠢᠶᠠᠨ ᠡᠮ ᠤᠨ ᠠᠵᠢᠯ | ᠲᠦᠷᠦᠯ ᠤᠨ ᠵᠠᠭᠤᠨ ᠬᠦᠴᠦᠷᠬᠡᠭ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠠᠭᠤᠷᠢ ᠭᠠᠵᠠᠷ ᠲᠤ | ᠠᠮᠵᠢᠯᠲᠠ ᠲᠠᠢ ᠪᠠᠷ ᠣᠷᠣᠵᠤ᠂ ᠵᠦᠬᠠᠶ ᠶᠢᠨ ᠶᠢᠨ ᠯᠦᠩ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ᠂ | ᠬᠦᠬᠡ ᠭᠤᠣᠯᠲᠤ ᠤᠶᠤᠨᠲᠤ ᠮᠠᠰᠢᠨ ᠬᠥᠮᠦᠨ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠵᠦᠢᠯᠡᠰ ᠢ ᠭᠡᠷ᠎ᠡ ᠲᠣᠭᠲᠠᠨ ᠨᠠᠶᠢᠳᠠᠪᠤᠷᠢᠵᠢᠭᠤᠯᠪᠠ᠃ ︽ᠨᠢᠰᠦᠭᠡ ᠭᠠᠵᠠᠷ ᠤᠨ | ᠠᠵᠤ ᠠᠬᠤᠶ︾ ᠰᠢᠨ᠎ᠡ ᠰᠢᠪᠲᠤᠯᠤᠯᠲᠠ ᠲᠠᠢ ᠪᠣᠯᠵᠣ᠂ ᠪᠥᠬᠦ ᠤᠯᠤᠰ ᠤᠨ ᠬᠠᠮᠤᠭ ᠤᠨ ᠲᠣᠮᠣ ᠹᠯᠣᠷ ᠤᠨ ᠬᠢᠮᠢ ᠶᠢᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠬᠤ ᠵᠧᠵᠢᠶᠠᠩ ᠤᠨ ᠶᠦᠩ ᠲᠠᠢ ᠳᠣᠤᠷ᠎ᠠ ᠨᠡᠭᠦᠷᠡᠰᠦᠲᠥ᠋ᠷᠥᠭᠴᠢᠲᠦ | ᠠᠵᠤ ᠦᠢᠯᠡᠰ ᠤᠨ ᠬᠦᠷᠢᠶᠡᠯᠡᠩ ᠳᠤ ᠨᠤᠲᠤᠭᠰᠢᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶ᠎ᠠ ᠢᠯᠡᠳᠲᠡ ᠦᠷ᠎ᠡ ᠪᠦᠲᠦᠮᠵᠢ ᠣᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶ ᠲᠤᠭ᠎ᠠ 4.13 | ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ 70% ᠠᠴᠠ ᠳᠡᠭᠡᠭᠰᠢᠬᠢ ᠶᠢ ᠡᠵᠡᠯᠡᠪᠡ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠯᠭᠠᠮᠵᠢ ᠡᠮᠬᠢ ᠵᠢᠷᠤᠮ ᠲᠠᠢ ︽ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠵᠢᠯ ᠳᠤ 108 ᠭᠤᠤᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ 35 ᠠᠵᠤ ᠦᠢᠯᠡᠳᠪᠦᠷᠢ ᠶᠢᠨ ᠲᠥᠷᠥᠯ ᠵᠦᠢᠯ ᠢ ᠬᠡᠷᠡᠭᠵᠢᠭᠦᠯᠪᠡ᠃ | ᠤᠯᠠᠮᠵᠢᠯᠠᠯᠲᠤ ᠲᠤᠯᠭᠠᠭᠤᠷᠢ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠵᠦ᠂ 7 ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠂ 18 ᠴᠠᠬᠢᠯᠠᠭᠤᠷ ᠴᠢᠯᠠᠭᠤᠨ ᠵᠤᠤᠬ᠎ᠠ ᠶᠢᠨ ᠤᠶᠤᠨᠲᠤ | ᠮᠠᠰᠢᠨ ᠬᠥᠮᠦᠨ ᠢ ᠤᠭᠰᠠᠷᠠᠵᠤ᠂ 8 ᠠᠦ᠋ᠲ᠋ᠣᠴᠢᠯᠠᠭᠰᠠᠨ ᠦᠢᠯᠡᠳᠪᠦᠷᠢ ᠶᠢᠨ ᠲᠠᠰᠤᠭ ᠢ ᠰᠢᠨ᠎ᠡ ᠪᠠᠷ ᠨᠡᠮᠡᠭᠳᠡᠭᠦᠯᠪᠡ᠃ | ᠢ ᠽᠧ ᠡᠮ ᠦᠢᠯᠡᠳᠬᠦ ᠵᠡᠷᠭᠡ ᠰᠢᠨ᠎ᠡ ᠪᠠᠷ ᠪᠠᠶᠢᠭᠤᠯᠬᠤ 20 ᠵᠦᠢᠯᠡᠰ ᠢ ᠠᠵᠢᠯ ᠡᠬᠢᠯᠡᠭᠦᠯᠦᠨ ᠪᠦᠳᠦᠭᠡᠨ | ᠪᠠᠶᠢᠭᠤᠯᠵᠤ᠂ ᠵᠥᠩ ᠷᠦᠢ ᠡᠮ ᠡᠮᠨᠡᠯᠭᠡ ᠶᠢᠨ ᠲᠦᠭᠦᠬᠡᠶ ᠮᠠᠲ᠋ᠧᠷᠢᠶᠠᠯ ᠤᠨ ᠡᠮ ᠵᠡᠷᠭᠡ ᠦᠷᠭᠦᠯᠵᠢᠯᠡᠨ ᠪᠠᠶᠢᠭᠤᠯᠬᠤ | 15 ᠵᠦᠢᠯᠡᠰ ᠢ ᠲᠦᠷᠭᠡᠪᠴᠢᠯᠡᠨ ᠲᠦᠯᠬᠢᠨ ᠠᠬᠢᠭᠤᠯᠵᠤ᠂ ᠰᠢᠩ ᠹᠠ ᠠᠷᠤ ᠠᠴᠠ ᠳᠠᠷᠤᠬᠤ ᠮᠠᠶ᠋ᠢᠭ ᠤᠨ ᠮᠠᠰᠢᠨ | ᠴᠣᠭᠴᠠᠯᠠᠪᠤᠷᠢ ᠶᠢᠨ ᠨᠢᠭᠡᠳᠦᠭᠡᠷ ᠬᠤᠭᠤᠴᠠᠭ᠎ᠠ ᠵᠡᠷᠭᠡ 10 ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠳᠠᠭᠤᠰᠬᠠᠪᠠ | ᠃ ᠰᠢᠨ᠎ᠡ ᠶᠢ ᠡᠭᠦᠳᠬᠦ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ︽ᠰᠢᠨ᠎ᠡ ᠶᠢ ᠡᠭᠦᠳᠦᠨ ᠶᠠᠰᠤ ᠴᠢᠨᠠᠷ ᠢ | ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠢᠤᠢ ᠬᠤᠶ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ | ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠣᠷᠣᠭᠤᠯᠤᠯᠲᠠ ᠶᠢ 15.7 | ᠳ᠋ᠦᠩᠰᠢᠭᠤᠷ ᠲᠥᠭᠦᠷᠢᠭ ᠬᠥᠲᠥᠯᠦᠨ ᠵᠢᠯᠣᠭᠤᠳᠪᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ | ᠦᠷᠭᠦᠯᠵᠢᠯᠡᠨ ᠳᠡᠭᠡᠭᠰᠢᠯᠡᠵᠦ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠤᠰᠤᠲᠥ᠋ᠷᠥᠭᠴᠢ ᠨᠡᠮᠡᠬᠦ | ᠥᠷᠲᠡᠭᠡ ᠶᠢᠨ ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ | ᠶᠡᠭᠡ ᠲᠤᠰᠬᠠᠶ ᠵᠦᠢᠯ ᠢᠶᠠᠷ ᠦᠨᠡᠯᠡᠭᠳᠡᠵᠦ᠂ ᠪᠦᠲᠦᠮᠵᠢᠲᠡᠶ ᠡᠭᠦᠳᠦᠯᠲᠡ ᠶᠢᠨ ᠲᠤᠰᠬᠠᠶ ᠠᠰᠢᠭ ᠪᠠ ᠬᠡᠷᠡᠭᠯᠡᠭᠡᠨ ᠤ | ᠰᠢᠨ᠎ᠡ ᠬᠡᠯᠪᠡᠷᠢ ᠶᠢᠨ ᠲᠤᠰᠬᠠᠶ ᠠᠰᠢᠭ ᠤᠨ 106 ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠢᠨᠠᠨ ᠲᠣᠭᠲᠠᠭᠠᠯᠲᠠ 22 ᠵᠦᠢᠯ᠂ ᠮᠡᠷᠭᠡᠵᠢᠯ ᠤᠨ ᠰᠢᠨᠡᠴᠢᠯᠡᠯᠲᠡ ᠶᠢᠨ 35 ᠵᠦᠢᠯ ᠰᠢᠨ᠎ᠡ ᠪᠠᠷ | ᠨᠡᠮᠡᠭᠳᠡᠪᠡ᠃ ᠲᠠᠪᠴᠠᠩ ᠤᠨ ᠠᠵᠤ ᠠᠬᠤᠶ ᠶᠢᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃ ᠲᠣᠭᠠᠴᠢᠯᠠᠭᠰᠠᠨ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠢ | ᠡᠬᠢᠯᠡᠨ ᠪᠠᠶᠢᠭᠤᠯᠵᠤ᠂ ᠹᠸᠢ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢᠶᠠᠷ 9 ᠠᠵᠤ | ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠲᠠᠰ ᠳᠡᠪᠰᠢᠭᠦᠯᠬᠦ ᠳᠤ ᠬᠦᠴᠦ ᠨᠡᠮᠡᠷᠢᠯᠡᠵᠦ᠂ ᠪᠠᠷᠠᠭᠤᠨ | ᠬᠤᠶᠢᠲᠤ ᠶᠢᠨ ᠬᠢᠮᠢ ᠶᠢᠨ ᠰᠦᠯᠵᠢᠶᠡᠨ ᠤ ᠱᠤᠭᠤᠮ ᠳᠡᠭᠡᠷᠡᠬᠢ ᠦᠢᠯᠡᠴᠢᠯᠡᠭᠡᠨ ᠤ ᠠᠵᠤ ᠠᠬᠤᠶᠢᠯᠠᠯ 300 ᠭᠠᠷᠤᠶ | ᠡᠷᠦᠬᠡ ᠳᠤ ᠬᠥᠷᠪᠡ᠃ ᠣᠳᠣᠬᠢᠴᠢᠯᠠᠭᠰᠠᠨ ᠡᠳ᠋ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶ᠎ᠡ ᠶᠢ | ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠬᠠᠢ ᠢ ᠲᠦᠩ ᠤᠨ ᠤᠶᠤᠨᠲᠤ ᠡᠳ᠋ ᠪᠠᠷᠠᠭᠠᠨ ᠤ ᠭᠦᠢᠯᠭᠡᠭᠡᠨ ᠤ | ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠷᠠᠯᠵᠢᠶᠠᠨ ᠤ ᠲᠤᠭ᠎ᠠ 3 ᠳ᠋ᠦᠩᠰᠢᠭᠤᠷ ᠲᠥᠭᠦᠷᠢᠭ ᠢ ᠳᠠᠪᠠᠵᠤ᠂ | ᠮᠧᠢ ᠳ᠋ᠥᠸᠧ ᠳ᠋ᠥᠸᠧ ᠣᠶᠤᠨᠴᠢ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠠᠰᠢᠭᠯᠠᠯᠲᠠ ᠳᠤ ᠣᠷᠣᠭᠤᠯᠪᠠ᠃ | ᠬᠥᠳᠡᠭᠡ ᠠᠵᠤ ᠠᠬᠤᠶ ᠪᠠ ᠭᠤᠷᠪᠠᠳᠤᠭᠠᠷ ᠠᠵᠤ ᠦᠢᠯᠡᠰ ᠯᠠᠪᠳᠠᠭᠤᠨ ᠢᠶᠠᠷ ᠬᠥᠭᠵᠢᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠵᠦ᠂ ᠰᠧᠨ ᠲᠠᠢ᠂ ᠷᠦᠨ ᠲᠠᠢ ᠲᠠᠷᠢᠶᠠᠯᠠᠩ ᠤᠨ ᠠᠵᠤ | ᠦᠢᠯᠡᠰ ᠤᠨ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠯᠢᠦᠢ ᠨᠧᠩ ᠶᠦᠩ ᠱᠧᠩ ᠬᠤᠯᠪᠣᠭᠠᠯᠠᠭᠰᠠᠨ | ᠤᠶᠤᠨᠲᠤ ᠬᠦᠯᠡᠮᠵᠢ ᠶᠢ ᠠᠰᠢᠭᠯᠠᠯᠲᠠ ᠳᠤ ᠣᠷᠣᠭᠤᠯᠵᠤ᠂ ᠤᠶᠤᠨᠲᠤ ᠲᠠᠷᠢᠶᠠᠯᠠᠩ ᠤᠨ ᠶᠡᠭᠡ ᠳ᠋ᠠᠶᠢᠲ᠋ᠠ ᠶᠢᠨ | ᠲᠠᠪᠴᠠᠩ᠂ ᠲᠣᠭᠠᠨ ᠤ ᠡᠵᠡᠮᠳᠡᠯᠳᠦ ᠤᠰᠤᠯᠠᠯᠲᠠ ᠶᠢᠨ ᠰᠢᠰᠲ᠋ᠧᠮ ᠪᠣᠯᠤᠨ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠪᠣᠷᠣᠯᠠᠭᠤᠯᠬᠤ ᠲᠥᠪ ᠢ ᠤᠷᠤᠭᠰᠢᠲᠠᠢ ᠪᠠᠶᠢᠭᠤᠯᠪᠠ᠃ 391 | ᠡᠷᠦᠬᠡ ᠶᠢᠨ ᠽᠧ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠷᠯᠣᠩ ᠤᠨ ᠥᠭᠡᠷᠡᠴᠢᠯᠡᠯᠲᠡ ᠶᠢ | ᠪᠡᠶᠡᠯᠡᠭᠦᠯᠵᠦ᠂ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠬᠢᠷᠢ ᠲᠦᠪᠰᠢᠨ ᠪᠠ ᠤᠤᠭᠤᠬᠤ | ᠤᠰᠤᠨ ᠤ ᠠᠮᠤᠷ ᠲᠦᠪᠰᠢᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠠᠷᠭᠤᠭᠤᠯᠤᠨ | ᠪᠠᠶᠢᠴᠠᠭᠠᠵᠤ ᠰᠢᠯᠭᠠᠨ ᠠᠪᠬᠤ ᠶᠢ ᠥᠩᠭᠡᠷᠡᠭᠡᠪᠡ᠃ ᠤᠯᠠᠭᠠᠨᠨᠠᠭᠤᠷ ᠤᠨ ᠮᠠᠢ ᠶᠢ TV ᠵᠢᠵᠢᠭ ᠪᠠᠯᠭᠠᠰᠤᠨ ᠤ | ᠲᠥᠷᠥᠯ ᠵᠦᠢᠯ ᠳᠤ ᠭᠠᠷ ᠤᠨ ᠥᠰᠥᠭ ᠵᠢᠷᠤᠵᠤ ᠣᠷᠣᠵᠤ ᠰᠠᠭᠤᠬᠤ᠂ ᠮᠥᠰᠥ ᠴᠠᠰᠤᠨ ᠤ ᠨᠠᠶᠢᠷ᠂ ︽5.1︾ ᠤ | ᠲᠡᠭᠦᠵᠦ ᠲᠡᠭᠦᠬᠦ ᠨᠠᠶᠢᠷ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠤᠯᠠᠭᠠᠨᠨᠠᠭᠤᠷ ᠤᠨ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠤᠯᠠᠮ ᠨᠢᠭᠡ ᠠᠯᠬᠤᠮ ᠳᠡᠭᠡᠭᠰᠢᠯᠡᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠡᠳᠦᠷ ᠢᠷᠡᠬᠦᠶ᠎ᠡ ᠰᠢᠯᠢᠳᠡᠭᠵᠢᠵᠦ ᠪᠠᠶᠢᠨ᠎ᠠ᠃ ︽ᠣᠷᠴᠢᠨ ᠠᠬᠤᠶ ᠶᠢ | ᠰᠢᠯᠢᠳᠡᠭᠵᠢᠭᠦᠯᠬᠦ ᠣᠨ︾ ᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 532 ᠵᠦᠢᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠵᠦ᠂ 390 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤ ᠪᠠᠷ ᠨᠡᠶᠢᠳᠡᠮ ᠰᠢᠢᠳᠪᠦᠷᠢᠯᠡᠬᠦ︾ | ᠶᠢ ᠪᠡᠶᠡᠯᠡᠭᠦᠯᠪᠡ᠃ ᠣᠷᠣᠨ ᠰᠠᠭᠤᠴᠠ᠂ ᠰᠤᠷᠭᠠᠨ ᠬᠥᠮᠦᠵᠢᠯ ᠵᠡᠷᠭᠡ ᠶᠢᠨ ᠲᠦᠷᠦ ᠶᠢᠨ ᠪᠤᠳᠤᠯᠭ᠎ᠠ ᠶᠢᠨ | ᠳᠡᠮᠵᠢᠯᠭᠡ ᠶᠢ ᠴᠢᠩᠭᠠᠳᠬᠠᠵᠤ᠂ 1400 ᠭᠠᠷᠤᠶ ᠠᠵᠤ ᠦᠢᠯᠡᠰ ᠤᠨ ᠠᠵᠢᠯᠴᠢᠨ ᠢ ᠣᠷᠣᠭᠤᠯᠤᠨ ᠠᠪᠴᠢᠷᠠᠪᠠ᠃ | ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠳᠡᠭᠡᠳᠦ ᠪᠠᠷᠢᠮᠵᠢᠶ᠎ᠠ ᠪᠠᠷ | ᠬᠦᠷᠢᠶᠡᠯᠡᠩ ᠲᠣᠭᠤᠷᠢᠭ ᠤᠨ 7 ᠬᠡᠰᠡᠭ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠨᠠᠷᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠷᠦ᠋ ᠢ ᠵᠠᠮ᠂ ᠡᠨᠧᠷᠭᠢ ᠶᠢᠨ ᠵᠠᠮ ᠤᠨ ᠪᠠᠷᠢᠮᠵᠢᠶ᠎ᠠ ᠶᠢ ᠳᠡᠭᠡᠭᠰᠢᠯᠡᠭᠦᠯᠬᠦ | ᠥᠭᠡᠷᠡᠴᠢᠯᠡᠯᠲᠡ ᠶᠢ ᠪᠡᠶᠡᠯᠡᠭᠦᠯᠵᠦ᠂ ᠦᠷ᠎ᠡ ᠠᠰᠢᠭ ᠢᠶᠠᠷ ᠳᠣᠤᠷ᠎ᠠ ᠦᠢᠯᠡᠳᠪᠦᠷᠢᠯᠡᠬᠦ ᠴᠢᠳᠠᠪᠤᠷᠢ ᠲᠠᠢ ᠠᠵᠤ | ᠠᠬᠤᠶᠢᠯᠠᠯ ᠤᠨ 10 ᠬᠡᠰᠡᠭ 948 ᠮᠥ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ ᠡᠨᠧᠷᠭᠢ ᠬᠡᠷᠡᠭᠯᠡᠬᠦ ᠣᠷᠣᠨ | ᠵᠠᠶ ᠶᠢ ᠪᠠᠷᠤᠭ 12 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠷ ᠰᠤᠯᠠᠯᠠᠨ ᠭᠠᠷᠭᠠᠪᠠ᠃ | ᠡᠨᠡ ᠨᠢᠭᠡ ᠵᠢᠯ ᠳᠤ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ᠬᠠᠨᠳᠤᠯᠭ᠎ᠠ ᠲᠠᠢ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠪᠣᠬᠢᠷᠲᠤᠯ ᠢ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ | ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠪᠠ᠃ ᠬᠤᠷᠢᠭ᠎ᠠ ᠱᠤᠭᠤᠮ ᠤᠨ | ᠰᠡᠳᠬᠢᠬᠦᠶ ᠪᠠ ᠤᠯᠠᠭᠠᠨ ᠱᠤᠭᠤᠮ ᠤᠨ ᠤᠬᠠᠮᠰᠠᠷ ᠢ ᠪᠠᠲᠤ ᠡᠵᠡᠮᠳᠡᠵᠦ᠂ ᠣᠷᠴᠢᠨ ᠠᠬᠤᠶ ᠶᠢᠨ ᠪᠣᠬᠢᠷᠲᠤᠯ ᠢ | ᠴᠢᠩᠭ᠎ᠠ ᠬᠠᠲᠠᠭᠤ ᠠᠷᠭ᠎ᠠ ᠪᠠᠷᠢᠯ ᠢᠶᠠᠷ ᠵᠠᠰᠠᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ ᠰᠢᠪᠠᠳᠠᠨ | ᠪᠠᠶᠢᠴᠠᠭᠠᠬᠤ ᠵᠢᠴᠢ ︽ᠡᠷᠭᠢᠵᠦ ᠬᠠᠷᠠᠬᠤ︾ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠥᠭᠡᠷᠡᠴᠢᠯᠡᠬᠦ | ᠡᠭᠦᠷᠭᠡ ᠶᠢ ᠪᠦᠬᠦᠨ ᠢ ᠪᠡᠶᠡᠯᠡᠭᠦᠯᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ | ᠥᠷᠨᠢᠭᠦᠯᠵᠦ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠢᠨᠵᠧᠨᠧᠷᠢᠩ ᠢ ᠬᠡᠷᠡᠭᠵᠢᠭᠦᠯᠦᠨ᠂ ᠠᠭᠤᠷᠬᠠᠶ ᠶᠢᠨ ᠣᠷᠣᠨ ᠤ ᠲᠣᠭᠤᠰᠣ ᠳᠡᠭᠳᠡᠬᠦ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠬᠡᠮᠵᠢᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠦᠢᠯᠡᠳᠪᠦᠷᠢᠯᠡᠯ | ᠤᠨ ᠠᠵᠢᠯᠯᠠᠭᠠᠨ ᠤ ᠪᠥᠬᠦ ᠶᠠᠪᠤᠴᠠ ᠳᠤ ᠤᠰᠤ ᠰᠦᠷᠴᠢᠵᠦ᠂ ᠭᠠᠯ ᠤᠨ ᠴᠡᠭ ᠢ ᠵᠠᠰᠠᠬᠤ ᠳᠤ ᠬᠥᠳᠡᠯᠦᠩᠭᠦᠶ ᠪᠠᠷ | ᠴᠡᠪᠡᠷᠯᠡᠬᠦ ᠶᠢ ᠪᠡᠶᠡᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠬᠢᠨᠠᠨ ᠬᠠᠮᠢᠶᠠᠷᠴᠤ ᠵᠠᠰᠠᠬᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠤᠶᠤᠨᠴᠢᠯᠠᠭᠰᠠᠨ ᠬᠢᠨᠠᠨ | ᠬᠡᠮᠵᠢᠵᠦ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 13 ᠡᠷᠦᠬᠡ | ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠵᠤᠤᠬ᠎ᠠ ᠶᠢᠨ ᠵᠠᠰᠠᠯᠲᠠ ᠶᠢ ᠪᠡᠶᠡᠯᠡᠭᠦᠯᠪᠡ᠃ | ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠮᠡᠳᠡᠭᠳᠡᠮ᠎ᠡ ᠪᠠᠭᠤᠷᠠᠵᠤ᠂ | ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ | 276 ᠡᠳᠦᠷ ᠬᠦᠷᠴᠦ᠂ ᠠᠳᠠᠯᠢ ᠬᠤᠭᠤᠴᠠᠭᠠᠨ ᠤ ᠬᠢ ᠠᠴᠠ 3 ᠡᠳᠦᠷ ᠨᠡᠮᠡᠭᠳᠡᠵᠡᠢ᠃ ᠬᠠᠲᠤᠨ ᠭᠤᠤᠯ ᠤᠨ ᠡᠷᠭᠢ | ᠳᠠᠭᠠᠤ ᠶᠢᠨ ᠪᠣᠬᠢᠷᠲᠤᠯ ᠤᠨ ᠡᠬᠢ ᠶᠢ ᠵᠢᠭᠰᠠᠭᠠᠨ ᠪᠠᠶᠢᠴᠠᠭᠠᠵᠤ ᠵᠠᠰᠠᠬᠤ᠂ ᠭᠤᠤᠯ ᠮᠥᠷᠡᠨ ᠨᠠᠭᠤᠷ ᠴᠥᠭᠦᠷᠥᠮ ᠤᠨ | ︽ᠳᠥᠷᠪᠡᠨ ᠡᠷᠦᠶ ᠬᠤᠷᠤᠶ ᠥᠬᠡᠶ ᠪᠠᠶᠢᠳᠠᠯ ᠢ ᠴᠡᠪᠡᠷᠯᠡᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠭᠠᠵᠠᠷ ᠳᠣᠤᠷᠠᠬᠢ ᠤᠰᠤ ᠶᠢ ᠬᠡᠲᠦ ᠮᠠᠯᠲᠠᠬᠤ ᠶᠢ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠥᠪᠡᠰᠦᠪᠡᠨ | ᠪᠡᠯᠡᠳᠬᠡᠭᠰᠡᠨ 17 ᠬᠤᠳᠳᠤᠭ ᠢ ᠪᠢᠲᠡᠭᠦᠮᠵᠢᠯᠡᠵᠦ᠂ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ | ᠲᠠᠲᠠᠵᠤ ᠬᠡᠷᠡᠭᠯᠡᠭᠰᠡᠨ 2 ᠠᠵᠤ ᠠᠬᠤᠶᠢᠯᠠᠯ ᠢ ᠴᠡᠭᠴᠡᠯᠡᠨ ᠥᠭᠡᠷᠡᠴᠢᠯᠡᠵᠦ᠂ ᠤᠰᠤᠨ ᠤ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠯᠠᠨ ᠢ ᠶᠢᠨ ᠠᠮᠢᠳᠤᠷᠠᠯ ᠤᠨ ᠬᠤᠭ ᠨᠣᠪᠰᠢ ᠶᠢᠨ | ᠴᠠᠬᠢᠯᠭᠠᠨ ᠭᠠᠷᠭᠠᠬᠤ ᠦᠢᠯᠡᠳᠪᠦᠷᠢ ᠶᠢ ᠪᠠᠶᠢᠭᠤᠯᠵᠦ᠂ ᠨᠡᠭᠦᠷᠡᠰᠦᠨ ᠴᠢᠯᠠᠭᠤ ᠶᠢ ᠲᠥᠪᠯᠡᠷᠡᠭᠦᠯᠦᠨ ᠰᠢᠶ᠋ᠳᠪᠦᠷᠢᠯᠡᠬᠦ | ᠲᠠᠯᠠᠪᠠᠶ ᠶᠢ ᠬᠡᠷᠡᠭᠯᠡᠯᠲᠡ ᠳᠤ ᠣᠷᠤᠭᠤᠯᠵᠦ᠂ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠴᠢᠳᠠᠪᠦᠷᠢ ᠪᠠᠨ | ᠤᠯᠠᠮ ᠨᠢᠭᠡ ᠠᠯᠬᠤᠮ ᠴᠢᠩᠭᠠᠷᠠᠭᠤᠯᠪᠠ᠃ | ᠡᠨᠡ ᠨᠢᠭᠡ ᠵᠢᠯ ᠳᠤ᠂ ᠪᠢᠳᠡ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢᠨ ᠠᠭᠤᠯᠤᠭᠳᠠᠬᠤᠨ ᠤ | ᠬᠥᠭᠵᠢᠯᠲᠡ ᠶᠢ ᠠᠬᠢᠭᠤᠯᠵᠤ᠂ ᠴᠢᠳᠠᠮᠵᠢ ᠪᠠᠨ ᠴᠢᠩᠭᠠᠳᠬᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠠᠭᠤᠷᠢ | ᠲᠥᠬᠦᠭᠡᠷᠦᠮᠵᠢ ᠶᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ ᠠᠮᠢᠳᠤᠷᠠᠯ ᠤᠨ ᠣᠷᠴᠢᠨ ᠲᠣᠭᠤᠷᠢᠨ ᠢ ᠡᠳᠦᠷ | ᠢᠷᠡᠬᠦᠶ᠎ᠡ ᠰᠠᠶᠢᠵᠢᠷᠠᠭᠤᠯᠬᠤ ᠶᠢ ᠪᠡᠶᠡᠯᠡᠭᠦᠯᠪᠡ᠃ ᠬᠤᠳᠠ ᠶᠢᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ | ᠰᠢᠯᠢᠳᠡᠭᠵᠢᠭᠦᠯᠵᠦ᠂ 1976 ᠢᠵᠢ ᠲᠥᠪᠬᠢᠨᠡᠭᠦᠯᠬᠦ ᠠᠰᠠᠷ ᠢ ᠪᠠᠶᠢᠭᠤᠯᠤᠨ ᠪᠦᠲᠦᠭᠡᠵᠦ᠂ 13 ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢ ᠡᠬᠢᠯᠡᠭᠦᠯᠦᠨ ᠬᠡᠷᠡᠭᠵᠢᠭᠦᠯᠵᠦ᠂ ᠲᠦᠷᠪᠡᠨ ᠣᠳᠣᠬᠢᠴᠢᠯᠠᠯᠲᠠ ᠶᠢᠨ ᠲᠣᠰᠬᠤᠨ ᠤ | ᠲᠥᠪᠬᠢᠨᠡᠭᠦᠯᠬᠦ ᠲᠣᠭᠤᠷᠢᠭ ᠤᠨ ᠥᠭᠡᠷᠡᠴᠢᠯᠡᠯᠲᠡ ᠪᠠ 5 ᠵᠢᠵᠢᠭ ᠲᠣᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ | ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠡᠭᠡᠯᠢ ᠭᠤᠳᠤᠮᠵᠢ ᠶᠢᠨ ᠵᠠᠮ ᠤᠨ ᠳ᠋ᠧᠩ ᠢ 800 ᠭᠠᠷᠤᠶ | ᠨᠡᠮᠡᠵᠦ᠂ 8000 ᠭᠠᠷᠤᠶ ᠲᠡᠭᠰᠢ ᠳᠥᠷᠪᠡᠯᠵᠢᠨ ᠮᠧᠲᠷ ᠵᠠᠮ ᠤᠨ ᠳᠡᠮᠳᠡᠭ ᠵᠢᠷᠤᠵᠤ᠂ 46.4 ᠺᠢᠯᠣᠮᠧᠲᠷ ᠢᠯᠴᠢ | ᠬᠠᠩᠭᠠᠬᠤ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ | 77 ᠰᠠᠭᠤᠷᠢ ᠵᠣᠷᠯᠣᠩ ᠢ ᠪᠠᠶᠢᠭᠤᠯᠵᠤ ᠬᠡᠷᠡᠭᠯᠡᠯᠲᠡ ᠳᠤ ᠣᠷᠤᠭᠤᠯᠤᠨ᠂ 5 ᠲᠦᠮᠡᠨ ᠲᠡᠭᠰᠢ ᠳᠥᠷᠪᠡᠯᠵᠢᠨ ᠮᠧᠲᠷ | ᠣᠷᠴᠢᠮ ᠤᠨ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠪᠡ᠃ ︽ᠬᠡᠰᠡᠭ ᠤᠨ ᠳᠠᠷᠤᠭ᠎ᠠ ᠶᠢᠨ | ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠳᠡᠯᠭᠡᠰᠢ ᠬᠤᠳᠠᠯᠳᠤᠭ᠎ᠠ ᠶᠢᠨ ᠠᠵᠤ ᠠᠬᠤᠶ︾ ᠶᠢ ᠡᠮᠬᠢ | ᠵᠢᠷᠤᠮ ᠲᠠᠢ ᠠᠬᠢᠭᠤᠯᠵᠤ᠂ 6 ᠰᠥᠨᠢ ᠶᠢᠨ ᠵᠠᠬ᠎ᠠ ᠳᠡᠯᠭᠡᠭᠦᠷ ᠢ ᠵᠢᠷᠤᠮᠵᠢᠭᠤᠯᠤᠨ᠂ 18 ᠠᠷᠠᠳ ᠲᠤ ᠲᠥᠬᠦᠮ | ᠦᠵᠡᠭᠦᠯᠦᠨ ᠵᠠᠯᠠᠵᠤ ᠵᠢᠯᠣᠭᠤᠳᠬᠤ ᠴᠡᠭ ᠢ ᠨᠡᠮᠡᠨ ᠪᠠᠶᠢᠭᠤᠯᠵᠤ᠂ 2300 ᠭᠠᠷᠤᠶ ᠲᠡᠷᠭᠡᠨ ᠤ ᠵᠣᠭᠰᠤᠭᠠᠯ ᠢ | ᠲᠦᠯᠦᠪᠯᠡᠨ ᠬᠡᠷᠡᠭᠵᠢᠭᠦᠯᠵᠦ᠂ 1000 ᠭᠠᠷᠤᠶ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠲᠠᠯᠪᠢᠵᠤ᠂ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠲᠤᠷᠰᠢᠨ ᠬᠡᠷᠡᠭᠵᠢᠭᠦᠯᠵᠦ᠂ | ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠵᠦ᠂ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠮᠡᠷᠭᠡᠵᠢᠯ ᠤᠨ ᠦᠨᠡᠯᠡᠨ ᠵᠢᠱᠢᠯᠲᠡ ᠶᠢ | ᠤᠷᠤᠭᠰᠢᠲᠠᠶ ᠥᠩᠭᠡᠷᠡᠭᠦᠯᠪᠡ᠃ | ᠡᠨᠡ ᠨᠢᠭᠡ ᠵᠢᠯ ᠳᠤ᠂ ᠪᠢᠳᠡ ᠬᠥᠮᠦᠨ ᠢᠶᠠᠷ ᠦᠨᠳᠦᠰᠦ ᠪᠣᠯᠭᠠᠬᠤ ᠠᠷᠠᠳ ᠤᠨ ᠲᠥᠯᠥᠭᠡ ᠭᠡᠬᠦ ᠬᠠᠶᠢᠷ᠎ᠠ | ᠰᠡᠳᠬᠢᠯᠭᠡ ᠶᠢ ᠪᠠᠲᠤ ᠰᠠᠬᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ | ᠪᠠᠲᠤᠯᠠᠪᠤᠷᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠪᠡᠶᠡᠯᠡᠬᠦᠯᠵᠦ᠂ ᠤᠯᠠᠨ ᠲᠦᠮᠡᠨ ᠤ ᠪᠤᠶᠠᠨ | ᠵᠢᠷᠭᠠᠯ ᠢ ᠡᠳᠦᠷ ᠢᠷᠡᠬᠦᠶ᠎ᠡ ᠨᠡᠮᠡᠭᠳᠡᠭᠦᠯᠪᠡ᠃ ᠪᠢᠳᠡ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠨ | ᠳᠠᠷᠤᠯᠲᠠ ᠶᠢ ᠲᠤᠯᠵᠤ᠂ ᠠᠷᠠᠳ ᠤᠨ ᠠᠮᠢᠳᠤᠷᠠᠯ ᠤᠨ ᠬᠦᠷᠢᠶ᠎ᠡ ᠪᠠ ᠨᠡᠶᠢᠭᠡᠮ ᠤᠨ ᠦᠢᠯᠡᠰ ᠤᠨ ᠵᠠᠷᠤᠯᠭ᠎ᠠ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠪᠦᠬᠦ ᠵᠢᠯ ᠤᠨ ᠣᠷᠣᠭᠤᠯᠤᠭᠰᠠᠨ ᠪᠡᠯᠡ ᠮᠥᠩᠭᠦ ᠨᠢ ᠡᠳ᠋ ᠤᠨ ᠵᠠᠰᠠᠭ ᠤᠨ ᠪᠦᠬᠦ | ᠵᠠᠷᠤᠯᠭ᠎ᠠ ᠶᠢᠨ 817% ᠶᠢ ᠡᠵᠡᠯᠡᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ | ᠲᠠᠰᠤᠷᠠᠯᠲᠠ ᠥᠬᠡᠶ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠢ | ᠪᠥᠬᠦ ᠲᠠᠯ᠎ᠠ ᠪᠠᠷ ᠳᠥᠯᠭᠢᠨ ᠠᠬᠢᠭᠤᠯᠵᠤ᠂ ︽ᠰᠢᠨ᠎ᠡ ᠵᠤᠷᠰᠢᠯ︾ ᠤᠨ ᠬᠤᠶᠠᠳᠤᠭᠠᠷ ᠬᠤᠭᠤᠴᠠᠭᠠᠨ ᠤ ᠠᠵᠢᠯ ᠢ | ᠭᠦᠨᠵᠡᠭᠡᠶ ᠥᠷᠨᠢᠭᠦᠯᠵᠦ᠂ 47 ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠥᠨᠳᠥᠷ ᠳᠤᠮᠳᠠᠳᠤ ᠶᠢᠨ | ᠰᠢᠯᠭᠠᠯᠲᠠ ᠶᠢᠨ ᠳᠤᠮᠳᠠᠴᠢ ᠬᠢᠷᠢ ᠪᠦᠲᠦᠮᠵᠢ ᠶᠢ ᠪᠥᠬᠦ ᠬᠤᠲᠠ ᠳᠤ ᠲᠡᠷᠢᠭᠦᠯᠦᠨ ᠭᠦᠶᠦᠪᠡ᠃ ᠡᠮᠴᠢᠯᠡᠭᠡᠨ ᠤ | ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠲᠥᠪ ᠡᠮᠨᠡᠯᠭᠡ ᠶᠢᠨ ᠬᠤᠷᠢᠶ᠎ᠠ ᠶᠢᠨ ᠭᠠᠳᠠᠷ ᠰᠠᠯᠠᠭᠠᠨ ᠤ ᠠᠰᠠᠷ᠂ | ᠬᠠᠯᠠᠭᠤᠷᠠᠯ ᠤᠨ ᠡᠭᠦᠳᠡᠨ ᠡᠮᠨᠡᠯᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠪᠠᠶᠠᠨᠰᠠᠶᠢᠨ᠂ ᠰᠢᠨ ᠳ᠋ᠡ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ 2 ᠰᠢᠨ᠎ᠡ ᠲᠢᠳᠢᠮᠯᠢᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠤᠭᠤᠷᠢᠭ ᠤᠨ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ ᠤᠳᠠ ᠲᠣᠭᠤᠷᠢᠭ ︽ᠪᠥᠬᠦ ᠤᠯᠤᠰ ᠤᠨ ᠲᠥᠯᠥᠪᠯᠡᠭᠡᠲᠦ | ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠨᠢᠭᠡᠴᠡ︾ ᠪᠠᠷ ᠦᠨᠡᠯᠡᠭᠳᠡᠪᠡ᠃ ᠰᠣᠶᠣᠯ ᠪᠡᠶ᠎ᠡ ᠶᠢᠨ | ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠰᠣᠶᠣᠯ ᠤᠨ ᠣᠷᠳᠣᠨ ᠤ | ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ᠂ ᠠᠭᠤᠳᠠᠮ ᠲᠠᠯᠠᠪᠠᠢ ᠶᠢᠨ ᠰᠣᠶᠣᠯ ᠤᠷᠠᠯᠢᠭ ᠤᠨ ᠨᠠᠶᠢᠷ ᠢ | ᠡᠷᠬᠢᠯᠡᠬᠦ᠂ ᠪᠦᠬᠦ ᠠᠷᠠᠳ ᠢᠶᠠᠷ ᠢᠶᠠᠨ ᠢᠳᠡᠷᠡᠭᠦᠨ ᠠᠯᠬᠤᠬᠤ ᠵᠡᠷᠭᠡ ᠡᠯ᠎ᠡ ᠲᠦᠷᠦᠯ ᠤᠨ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ 30 ᠭᠠᠷᠤᠶ ᠲᠠᠯᠠᠪᠠᠢ ᠡᠷᠬᠢᠯᠡᠵᠦ᠂ ᠣᠷᠣᠯᠴᠠᠭᠰᠠᠨ ᠬᠥᠮᠦᠨ ᠤ ᠲᠤᠭ᠎ᠠ 10 ᠲᠦᠮᠡ | ᠭᠠᠷᠤᠶ ᠬᠥᠮᠦᠨ ᠤᠳᠠᠭ᠎ᠠ ᠳᠤ ᠬᠦᠷᠴᠡᠶ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠨᠡᠩ ᠲᠡᠭᠦᠯᠳᠡᠷᠵᠢᠭᠦᠯᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠶᠠᠳᠠᠭᠤ ᠶᠢ ᠲᠡᠳᠬᠦᠬᠦ 15 ᠵᠦᠢᠯᠡᠰ ᠢ ᠬᠡᠷᠡᠭᠵᠢᠭᠦᠯᠵᠦ᠂ ᠬᠠᠮᠲᠤ ᠶᠢᠨ | ᠠᠵᠤ ᠠᠬᠤᠶ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 194% ᠪᠠᠷ ᠨᠡᠮᠡᠭᠳᠡᠪᠡ᠃ ᠠᠵᠢᠯ | ᠣᠯᠭᠤᠯᠲᠠ ᠶᠢᠨ ᠦᠢᠯᠡᠴᠢᠯᠡᠭᠡ ᠶᠢ ᠨᠠᠩ ᠴᠢᠨᠠᠷ ᠰᠠᠶᠢᠲᠠᠶ ᠪᠣᠯᠭᠠᠵᠤ᠂ ᠤᠶᠤᠲᠠᠳ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠦᠢᠯᠡᠰ ᠴᠣᠭᠴᠠᠯᠠᠬᠤ ᠨᠡᠪᠴᠢᠭᠦᠯᠬᠦ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠬᠤᠲᠠ ᠪᠠᠯᠭᠠᠰᠤᠨ ᠳᠤ 1440 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1357 | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ 3000 ᠭᠠᠷᠤᠶ ᠲᠦᠮᠡᠨ | ᠲᠥᠭᠦᠷᠢᠭ ᠤᠨ ᠪᠠᠭ᠎ᠠ ᠲᠣᠭᠠᠨ ᠤ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ᠨᠠᠰᠤᠵᠢᠯ ᠤᠨ ᠠᠰᠠᠷᠠᠮᠵᠢ ᠶᠢᠨ | ᠵᠡᠮᠳᠡᠭᠴᠦᠳ ᠢ ᠲᠤᠰᠠᠯᠠᠬᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ︵ᠥᠷᠲᠡᠭᠡ︶ ᠢ 4 ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ ᠠᠯᠪᠠᠨ ᠠᠴᠠ | ᠪᠠᠶᠢᠭᠤᠯᠤᠭᠰᠠᠨ ᠠᠷᠠᠳ ᠠᠴᠠ ᠡᠵᠡᠩᠨᠡᠭᠰᠡᠨ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠪᠠ ᠰᠢᠨ ᠳ᠋ᠠ᠂ ᠯᠢᠶᠠᠩ | ᠵᠢᠶᠠ ᠭᠸᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠠᠯᠠᠭᠤᠨ ᠳᠤᠯᠠᠭᠠᠨ ᠬᠡᠷ ᠣᠷᠣᠨ ᠢ ᠪᠠᠶᠢᠭᠤᠯᠵᠤ | ᠳᠠᠭᠤᠰᠬᠠᠪᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠲᠣᠭᠲᠠᠴᠠ ᠶᠢ ᠨᠡᠩ | ᠲᠡᠭᠦᠯᠳᠡᠷᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠦᠢᠯᠡᠴᠢᠯᠡᠭᠡᠨ ᠤ ᠲᠥᠪ | ︵ᠦᠷᠳᠡᠭᠡ︶ ᠢ 15 ᠪᠠᠶᠢᠭᠤᠯᠤᠨ᠎ᠠ᠃ ︽ᠲᠠᠪᠤᠨ ᠳᠠᠭᠠᠳᠬᠠᠯ︾ ᠤᠨ ᠬᠡᠪᠴᠢᠶ᠎ᠡ ᠶᠢ ᠯᠠᠪᠳᠠᠭᠤᠨ ᠪᠠᠲᠤᠲᠠᠶ ᠪᠠᠷ | ᠥᠷᠭᠡᠳᠬᠡᠨ ᠠᠬᠢᠭᠤᠯᠵᠤ᠂ ᠠᠪᠤᠷᠠᠨ ᠲᠤᠰᠠᠯᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ | ᠪᠠᠲᠤᠯᠠᠭ᠎ᠠ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠳᠡ 9.05 ᠳ᠋ᠦᠩᠰᠢᠭᠤᠷ ᠲᠥᠭᠦᠷᠢᠭ ᠲᠠᠷᠬᠠᠭᠠᠪᠠ᠃ | ᠡᠨᠡ ᠨᠢᠭᠡ ᠵᠢᠯ ᠳᠤ᠂ ᠪᠢᠳᠡ ᠨᠡᠶᠢᠭᠡᠮ ᠤᠨ ᠵᠠᠰᠠᠯᠲᠠ ᠶᠢᠨ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ | ᠴᠢᠩᠭᠠᠳᠬᠠᠵᠤ᠂ ᠤᠯᠠᠨ ᠲᠠᠯ᠎ᠠ ᠪᠠᠷ ᠬᠠᠮᠵᠢᠯᠴᠠᠵᠤ᠂ ᠤᠯᠠᠨ ᠨᠡᠶᠢᠲᠡ ᠪᠠᠷ ᠢᠶᠠᠨ ᠣᠷᠣᠯᠴᠠᠵᠤ᠂ ᠨᠡᠶᠢᠭᠡᠮ ᠤᠨ ᠨᠡᠩ | ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠤ ᠠᠮᠤᠷ ᠲᠦᠪᠰᠢᠨ ᠤ | ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠪᠡ᠃ ᠵᠠᠰᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ ᠦᠵᠡᠯ | ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠵᠢᠷᠭᠤᠭᠠᠨ ᠶᠡᠭᠡ ᠪᠣᠯᠪᠠᠰᠤᠨ ᠢ | ᠡᠭᠦᠳᠦᠨ ᠪᠠᠶᠢᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽8+N︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ 1000 ᠭᠠᠷᠤᠢ ᠲᠠᠯᠠᠪᠤᠷ ᠠᠵᠢᠯᠯᠠᠭ᠎ᠠ ᠥᠷᠨᠢᠭᠦᠯᠵᠦ᠂ 28 ᠲᠡᠷᠢᠭᠦᠨ ᠤ ᠨᠡᠶᠢᠲᠡᠯᠢᠭ | ᠵᠢᠱᠢᠶ᠎ᠡ ᠶᠢ ᠰᠣᠩᠭᠤᠨ ᠭᠠᠷᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠲᠡᠭᠡ | ︶ ᠢ ᠨᠡᠶᠢᠭᠡᠮ ᠲᠣᠭᠤᠷᠢᠭ ᠲᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠦᠨᠳᠦᠰᠦᠲᠡᠨ ᠤ ᠠᠵᠢᠯ ᠲᠠᠰᠤᠷᠠᠯᠲᠠ | ᠥᠬᠡᠶ ᠭᠦᠨᠵᠡᠭᠡᠶᠢᠷᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ | ᠪᠣᠯᠭᠠᠬᠤ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ ᠳ᠋ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠽᠧ ᠶᠤᠸᠠᠨ ᠨᠡᠶᠢᠭᠡᠮ ᠲᠣᠭᠤᠷᠢᠭ ᠲᠣᠰ ᠲᠣᠰ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ᠂ | ᠵᠢᠱᠢᠶ᠎ᠡ ᠦᠵᠡᠭᠦᠯᠬᠦ ᠭᠠᠴᠠᠭ᠎ᠠ ︵ᠲᠣᠰᠬᠤᠨ︶ ᠪᠠᠷ ᠦᠨᠡᠯᠡᠭᠳᠡᠪᠡ᠃ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠥᠷᠨᠢᠭᠦᠯᠵᠦ᠂ 5 ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠶᠦᠩ ᠴᠠᠩ ᠤᠨ ᠵᠢᠶᠠ ᠶᠤᠸᠠᠨ ᠨᠡᠶᠢᠭᠡᠮ ᠲᠣᠭᠤᠷᠢᠭ | ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠬᠡᠷ | ᠪᠦᠯᠢ ᠶᠢᠨ ᠬᠥᠮᠦᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠦᠨᠡᠯᠡᠭᠳᠡᠪᠡ᠃ | ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ | 1500 ᠭᠠᠷᠤᠶ ᠤᠳᠠᠭ᠎ᠠ ᠡᠶᠡᠳᠡᠭᠦᠯᠵᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 22 | ᠰᠢᠢᠳᠪᠦᠷᠢᠯᠡᠵᠦ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ 142 ᠰᠢᠢᠳᠪᠦᠷᠢᠯᠡᠵᠦ᠂ 464 ᠲᠦᠮᠡᠨ | ᠲᠥᠭᠦᠷᠢᠭ ᠤᠨ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠶᠠᠪᠤᠳᠠᠯ ᠢ ᠴᠡᠪᠡᠷᠯᠡᠪᠡ᠃ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠨᠢᠭᠡ ᠨᠡᠶᠢᠭᠡᠮ ᠲᠣᠭᠤᠷᠢᠭ ᠲᠤ | ᠨᠢᠭᠡ ᠬᠠᠤᠯᠢ ᠴᠠᠭᠠᠵᠠ ᠶᠢᠨ ᠵᠥᠪᠯᠡᠭᠴᠢ︾ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 163 ᠬᠤᠪᠢ ᠰᠢᠢᠳᠪᠦᠷᠢᠯᠡᠵᠦ᠂ ᠳᠣᠯᠣᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠰᠢᠯᠭᠠᠯᠲᠠ ᠶᠢ ᠤᠷᠤᠭᠰᠢᠲᠠᠶ ᠥᠩᠭᠡᠷᠡᠭᠦᠯᠪᠡ᠃ ᠤᠯᠠᠨ ᠨᠡᠶᠢᠲᠡ ᠶᠢᠨ ᠠᠮᠤᠷ ᠲᠦᠪᠰᠢᠨ ᠢ ᠨᠡᠩ ᠪᠠᠲᠤᠯᠠᠭ᠎ᠠ ᠲᠠᠢ | ᠪᠣᠯᠭᠠᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠠᠶᠤᠯᠭᠦᠶ ᠦᠢᠯᠡᠳᠪᠦᠷᠢᠯᠡᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠥᠷᠨᠢᠭᠦᠯᠵᠦ᠂ 1100 ᠭᠠᠷᠤᠶ ᠠᠮᠤᠷ ᠲᠦᠪᠰᠢᠨ ᠤ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠵᠤ᠂ | ᠪᠦᠬᠦ ᠵᠢᠯ ᠳᠤ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠡ᠊ᠨᠳᠡᠯ ᠭᠠᠷᠤᠭᠰᠠᠨ ᠦᠭᠡᠢ᠃ ᠢᠳᠡᠭᠡᠨ ᠤ | ᠵᠦᠢᠯ ᠡᠮ ᠤᠨ ᠵᠦᠢᠯ ᠤᠨ ᠠᠵᠢᠯ ᠲᠦᠷᠦᠯ ᠤᠨ ᠡᠮᠬᠢ ᠳᠢᠭᠯᠢᠮ ᠢ ᠨᠡᠩ ᠵᠢᠷᠤᠮᠵᠢᠭᠤᠯᠵᠤ᠂ ᠢᠳᠡᠭᠡᠨ ᠤᠮᠳᠠᠭᠠᠨ᠂ | ᠢᠳᠡᠭᠡᠨ ᠪᠣᠯᠪᠠᠰᠤᠷᠠᠭᠤᠯᠬᠤ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠨᠤᠷᠮ᠎ᠠ ᠶᠢ 80% ᠳᠤ ᠬᠦᠷᠭᠡᠨ᠎ᠡ᠃ | ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ | ᠨᠡᠶᠢᠭᠡᠮ ᠳᠤ ᠴᠣᠬᠢᠯᠲᠠ ᠥᠭᠴᠦ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ | ᠡᠷᠡᠭᠦᠦ ᠶᠢᠨ ᠬᠡᠷᠡᠭ ᠤᠨ ᠴᠠᠭᠳᠠᠭ᠎ᠠ ᠶᠢᠨ ᠪᠠᠶᠢᠳᠠᠯ ᠠᠳᠠᠯᠢ ᠬᠤᠭᠤᠴᠠᠭᠠᠨ ᠤ ᠬᠢ ᠠᠴᠠ 22.7% ᠪᠠᠷ ᠪᠠᠭᠤᠷᠠᠪᠠ᠃ | ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ᠃ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ᠂ ︽ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢ | ᠭᠦᠨᠵᠡᠭᠡᠶᠢᠷᠡᠭᠦᠯᠬᠦ︾ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠢ ᠰᠢᠯᠢᠳᠡᠭᠵᠢᠭᠦᠯᠬᠦ ᠵᠡᠷᠭᠡ | ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠴᠥᠮ ᠪᠣᠳᠠᠲᠤ ᠦᠷ᠎ᠡ ᠪᠦᠲᠦᠮᠵᠢ | ᠤᠯᠪᠠ᠃ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ᠂ ᠠᠵᠢᠯ | ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠡᠭᠦᠷᠭᠡ ᠴᠢᠳᠠᠪᠤᠷᠢ ᠶᠢᠨ | ᠪᠠᠶᠢᠷᠢᠯᠠᠭᠤᠯᠤᠯᠲᠠ ᠶᠢ ᠡᠬᠢᠯᠡᠨ ᠥᠭᠡᠷᠡᠴᠢᠯᠡᠨ᠎ᠡ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ | ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ᠡᠩ ᠤᠨ ᠴᠢᠨᠠᠷᠲᠠᠶ ᠵᠠᠷᠤᠯᠭ᠎ᠠ ᠶᠢ 40.7% ᠪᠠᠷ ᠪᠠᠭᠤᠷᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ | ᠠᠷᠢᠯᠭᠠᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ | ᠵᠣᠭᠤᠰ ᠤᠨ ᠥᠷᠢ ᠶᠢ ᠢᠯᠭᠠᠷᠠᠭᠤᠯᠬᠤ ᠣᠨ ᠤ ᠡᠭᠦᠷᠭᠡ ᠶᠢ ᠪᠡᠶᠡᠯᠡᠭᠦᠯᠪᠡ᠃ ︽ᠭᠤᠷᠪᠠᠨ ᠴᠢᠬᠤᠯᠠ ᠨᠢᠭᠡ ᠶᠡᠭᠡ︾ | ᠶᠢᠨ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠳᠠ ᠶᠢᠨ | ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 179 | ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 178 ᠬᠤᠪᠢ ᠰᠠᠨᠠᠯ ᠵᠥᠪᠯᠡᠯᠭᠡ ᠶᠢ | ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠨᠢ 100% ᠪᠣᠯᠪᠠ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ | ᠲᠠᠩᠰᠠ ᠡᠪᠬᠡᠮᠡᠯ ᠲᠡᠦᠬᠡ ᠣᠶᠢᠯᠠᠯᠭ᠎ᠠ᠂ ᠡᠮᠡᠭᠲᠡᠶᠢᠴᠦᠳ ᠬᠡᠦᠬᠡᠳ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠦᠢᠯᠡᠰ ᠴᠥᠮ ᠰᠢᠨ᠎ᠡ ᠲᠠᠪᠰᠢᠯᠳᠠ ᠲᠠᠢ | ᠪᠣᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠢ ᠡᠷᠬᠢᠴᠡᠭᠦᠯᠪᠡᠯ᠂ ᠬᠦᠴᠢᠷᠳᠡᠯ ᠨᠢ ᠵᠢᠱᠢᠯᠲᠡ ᠠᠴᠠ | ᠢᠯᠡᠭᠦᠦ ᠪᠠᠶᠢᠵᠤ᠂ ᠦᠷ᠎ᠡ ᠳ᠋ᠦᠩ ᠨᠢ ᠵᠢᠱᠢᠯᠲᠡ ᠠᠴᠠ ᠰᠠᠶᠢᠨ ᠪᠠᠶᠢᠵᠤ᠂ ᠠᠮᠵᠢᠯᠲᠠ ᠶᠢ ᠲᠡᠶᠢᠮᠦ ᠬᠢᠯᠪᠠᠷᠬᠠᠨ ᠢᠶᠠᠷ | ᠣᠯᠤᠭᠰᠠᠨ ᠪᠢᠰᠢ ᠶᠤᠮ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ | ᠵᠠᠮᠴᠢᠯᠠᠨ ᠵᠠᠯᠠᠭᠤᠷ ᠢ ᠡᠵᠡᠮᠳᠡᠵᠦ᠂ ᠵᠥᠪ ᠣᠨᠣᠪᠴᠢᠲᠠᠢ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠡ | ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠡᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ᠂ | ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ᠂ ᠤᠳᠠ ᠶᠢᠨ | ᠬᠥᠭᠵᠢᠯᠲᠡ ᠳᠤ ᠣᠷᠣᠯᠴᠠᠭᠰᠠᠨ᠂ ᠳᠡᠮᠵᠢᠭᠰᠡᠨ ᠪᠠ ᠬᠠᠯᠠᠮᠵᠢᠯᠠᠭᠰᠠᠨ ᠪᠤᠢ ᠪᠦᠬᠦᠢ ᠡᠯ᠎ᠡ ᠡᠲᠡᠭᠡᠳ ᠤᠨ ᠬᠥᠮᠦᠰ᠂ | ᠠᠵᠤ ᠠᠬᠤᠶᠢᠯᠠᠯᠲᠠᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠡᠭᠦᠨ ᠤ ᠬᠠᠮᠲᠤ᠂ ᠪᠢᠳᠡ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ | ᠬᠦᠷᠦᠯᠴᠡᠬᠦ ᠦᠭᠡᠢ ᠲᠠᠯ᠎ᠠ ᠶᠢ ᠰᠡᠷᠭᠡᠭ ᠢᠶᠠᠷ ᠲᠠᠨᠢᠵᠤ ᠤᠯᠪᠠ᠂ ᠭᠤᠣᠯᠳᠠᠭᠤ᠄ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠭᠦᠷᠭᠡ ᠮᠥᠨᠬᠦ ᠬᠠᠲᠠᠭᠤ ᠪᠡᠷᠬᠡ ᠪᠠᠶᠢᠵᠤ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ︔ ᠬᠥᠭᠵᠢᠯᠲᠡ ᠶᠢᠨ ᠡᠯᠧᠮᠧᠨ᠋ᠲ ᠤᠨ | ᠪᠠᠲᠤᠯᠠᠪᠤᠷᠢ ᠶᠢᠨ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ | ᠰᠣᠯᠢᠭᠳᠠᠯ ᠳᠤ ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ︔ ᠠᠷᠠᠳ ᠤᠨ ᠠᠮᠢᠳᠤᠷᠠᠯ ᠪᠠ ᠨᠡᠶᠢᠭᠡᠮ ᠤᠨ | ᠦᠢᠯᠡᠰ ᠲᠤ ᠪᠠᠰᠠ ᠪᠠᠭᠤᠷᠠᠶ ᠭᠤᠭᠴᠤᠭ᠎ᠠ ᠣᠷᠣᠰᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠮᠥᠨ ᠯᠡ | ᠵᠥᠷᠢᠶ᠎ᠡ ᠲᠠᠢ ᠪᠠᠶᠢᠨ᠎ᠠ︔ ᠰᠤᠷᠲᠠᠯ ᠤᠨ ᠪᠠᠶᠢᠭᠤᠯᠤᠯᠲᠠ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠵᠤ᠂ | ᠺᠠᠳ᠋ᠷᠴᠤᠳ ᠤᠨ ᠴᠢᠳᠠᠪᠤᠷᠢ ᠬᠦᠷᠦᠯᠴᠡᠬᠦ ᠦᠭᠡᠢ ᠪᠠᠶᠢᠬᠤ ᠦᠵᠡᠭᠳᠡᠯ ᠮᠥᠨ ᠯᠡ ᠣᠷᠣᠰᠢᠭᠰᠠᠭᠠᠷ ᠪᠠᠶᠢᠬᠤ ᠵᠡᠷᠭᠡ | ᠪᠣᠯᠤᠨ᠎ᠠ᠃ ᠡᠭᠦᠨ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠶᠡᠷᠦᠩᠬᠡᠶ | ᠱᠠᠭᠠᠷᠳᠠᠯᠭ᠎ᠠ ᠪᠠ ᠬᠠᠷᠠᠯᠲᠠ ᠡᠭᠦᠷᠭᠡ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠮᠥᠨ᠃ | ᠲᠤᠭᠤᠷᠢᠭ ᠤᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ | ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠤᠳᠠ ᠲᠤᠭᠤᠷᠢᠭ ᠤᠨ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢᠨ ᠲᠣᠪᠴᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠶᠡᠭᠡ | ᠬᠤᠷᠠᠯ ᠳᠤ ᠳᠡᠪᠰᠢᠭᠦᠯᠵᠦ ᠬᠠᠮᠲᠤ ᠳᠤᠨᠢ ᠬᠢᠨᠠᠨ ᠶᠠᠷᠢᠯᠴᠠᠭᠤᠯᠪᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠣᠯ᠄ ︽2035 ᠣᠨ ᠪᠣᠯᠬᠤ ᠳᠤ ᠪᠦᠬᠦ | ᠤᠯᠤᠰ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ︾ ᠠᠯᠤᠰ ᠤᠨ | ᠬᠠᠷᠠᠯᠲᠠ ᠶᠢᠨ ᠲᠣᠭᠤᠷᠢᠨ ᠳᠤ᠂ ᠦᠢᠯᠡᠳᠪᠦᠷᠢ ᠠᠭᠤᠷᠬᠠᠶ ᠶᠢᠨ ᠬᠤᠲᠠ ᠶᠢᠨ ᠠᠮᠢ ᠠᠬᠤᠶ ᠶᠢᠨ ᠬᠤᠲᠠ᠂ ᠰᠢᠨ᠎ᠡ ᠶᠢ | ᠡᠭᠦᠳᠬᠦ ᠬᠤᠲᠠ᠂ ᠤᠶᠤᠨᠲᠤ ᠬᠤᠲᠠ ᠵᠦᠭ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠦᠭᠡᠶ | ᠬᠥᠭᠵᠢᠯᠲᠡ᠂ ᠰᠢᠨ᠎ᠡ ᠶᠢ ᠡᠭᠦᠳᠬᠦ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ | ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠳᠤ ᠰᠢᠨ᠎ᠡ ᠦᠷ᠎ᠡ ᠪᠦᠲᠦᠮᠵᠢ ᠤᠯᠬᠤ ᠶᠢ ᠪᠡᠶᠡᠯᠡᠭᠦᠯᠵᠦ᠂ | ᠥᠭᠡᠷᠡᠴᠢᠯᠡᠯᠲᠡ ᠨᠡᠭᠡᠭᠡᠯᠳᠡ ᠰᠢᠨ᠎ᠡ ᠠᠯᠬᠤᠮ ᠢ ᠠᠯᠬᠤᠵᠤ᠂ ᠨᠡᠶᠢᠭᠡᠮ ᠤᠨ ᠪᠣᠯᠪᠠᠰᠤᠨ ᠰᠢᠨ᠎ᠡ ᠳᠡᠭᠡᠭᠰᠢᠯᠡᠯᠲᠡ ᠲᠠᠢ | ᠪᠤᠯᠵᠤ᠂ ᠠᠮᠢ ᠠᠬᠤᠶ ᠶᠢᠨ ᠪᠣᠯᠪᠠᠰᠤᠨ ᠰᠢᠨ᠎ᠡ ᠲᠠᠪᠰᠢᠯᠳᠠ ᠲᠠᠢ ᠪᠤᠯᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠰᠢᠨ᠎ᠡ ᠲᠦᠪᠰᠢᠨ ᠳᠤ ᠬᠦᠷᠭᠡᠵᠦ᠂ ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠤᠯᠵᠤ᠂ | ᠠᠮᠢ ᠠᠬᠤᠶ ᠶᠢᠨ ᠶᠠᠰᠤ ᠴᠢᠨᠠᠷ ᠨᠡᠩ ᠥᠨᠳᠥᠷ᠂ ᠬᠡᠯᠪᠡᠷᠢ ᠶᠢᠨ ᠬᠤᠪᠢᠷᠠᠭᠤᠯᠤᠯᠲᠠ ᠶᠢᠨ ᠠᠯᠬᠤᠴᠠ ᠨᠡᠩ ᠲᠦᠷᠭᠡᠨ | ᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠨᠡᠩ ᠲᠡᠭᠦᠯᠳᠡᠷ᠂ ᠬᠤᠳᠠ ᠶᠢᠨ ᠴᠢᠳᠠᠮᠵᠢ ᠨᠡᠩ ᠴᠢᠩᠭ᠎ᠠ᠂ | ᠠᠮᠢᠳᠤᠷᠠᠯ ᠤᠨ ᠴᠢᠨᠠᠷ ᠴᠢᠨᠰᠠᠭ᠎ᠠ ᠨᠡᠩ ᠰᠢᠯᠢᠳᠡᠭ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ | ᠪᠤᠢ ᠪᠣᠯᠭᠠᠨ᠎ᠠ᠃ | ᠬᠤᠶᠢᠰᠢᠳᠠ ᠶᠢᠨ ᠲᠠᠪᠤᠨ ᠵᠢᠯ ᠳᠤ ᠪᠢᠳᠡ ᠳᠣᠣᠷᠠᠬᠢ ᠠᠵᠢᠯ ᠤᠳ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠨ᠎ᠡ᠄ | — ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠨ᠎ᠡ ᠠᠮᠵᠢᠯᠲᠠ | ᠤᠯᠬᠤ ᠶᠢ ᠠᠬᠢᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ | ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠥᠨᠳᠥᠷ | ᠲᠦᠪᠰᠢᠨ ᠤ ᠬᠠᠮᠠᠭᠠᠯᠠᠯᠲᠠ ᠶᠢ ᠠᠬᠢᠭᠤᠯᠵᠤ᠂ ᠥᠨᠳᠥᠷ ᠲᠦᠪᠰᠢᠨ ᠤ ᠬᠠᠮᠠᠭᠠᠯᠠᠯᠲᠠ ᠳᠤᠮᠳᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ᠂ ᠡᠷᠬᠢᠯᠳᠡᠳᠦ ᠬᠥᠭᠵᠢᠯᠲᠡ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠣᠭᠤᠷᠢᠨ ᠳᠤ᠂ ᠪᠣᠬᠢᠷᠲᠤᠯ ᠦᠭᠡᠢ ᠬᠦᠷᠢᠶᠡᠯᠡᠩ | ᠲᠣᠭᠤᠷᠢᠭ᠂ ᠪᠣᠬᠢᠷᠲᠤᠯ ᠦᠭᠡᠢ ᠠᠵᠤ ᠦᠢᠯᠡᠰ᠂ ᠪᠣᠬᠢᠷᠲᠤᠯ ᠦᠭᠡᠢ ᠠᠵᠤ ᠠᠬᠤᠶᠢᠯᠠᠯ ᠤᠨ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠭᠠᠷ | ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ | ᠴᠢᠩᠭᠠᠳᠬᠠᠵᠤ᠂ ᠡᠨᠧᠷᠭᠢ ᠶᠢᠨ ᠬᠡᠷᠡᠭᠯᠡᠭᠡᠨ ᠤ ᠬᠤᠤᠰ ᠡᠵᠡᠮᠳᠡᠯ ᠤᠨ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ | ᠬᠦᠷᠢᠶᠡᠯᠡᠩ ᠲᠣᠭᠤᠷᠢᠭ ᠤᠨ ᠰᠣᠨᠢᠨ ᠦᠨᠦᠷ ᠤᠨ ᠵᠠᠰᠠᠯᠲᠠ ᠶᠢ ᠲᠥᠪᠯᠡᠷᠡᠭᠦᠯᠦᠨ ᠥᠷᠨᠢᠭᠦᠯᠵᠦ᠂ ᠠᠮᠢ ᠠᠬᠤᠶ ᠶᠢᠨ | ᠦᠵᠡᠮᠵᠢ ᠶᠢᠨ ᠪᠦᠰᠡ ᠪᠠ ᠪᠣᠬᠢᠷᠲᠤᠯ ᠥᠬᠡᠶ ᠲᠤᠰᠠᠭᠠᠷᠯᠠᠬᠤ ᠪᠦᠰᠡ ᠶᠢ ᠪᠥᠲᠥᠭᠡᠨ ᠪᠠᠶᠢᠭᠤᠯᠵᠤ᠂ ᠪᠠᠶᠢᠭᠤᠯᠤᠭᠰᠠᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 42% ᠠᠴᠠ ᠳᠡᠭᠡᠭᠰᠢ ᠳᠤ ᠬᠦᠷᠦᠭᠦᠯᠵᠦ᠂ | ᠦᠬᠠᠶ ᠨᠠᠭᠤᠷ ᠤᠨ ᠪᠠᠷᠠᠭᠤᠨ ᠡᠷᠭᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ | ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ | ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠎ᠠ᠃ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ | ᠬᠡᠷᠡᠭᠵᠢᠭᠦᠯᠦᠨ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠠᠵᠢᠯ ᠢ ᠲᠦᠷᠭᠡᠳᠬᠡᠵᠦ | ᠂ ᠦᠢᠯᠡᠳᠪᠦᠷᠢᠯᠡᠭᠰᠡᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ | ᠪᠢᠳᠡᠨ ᠳᠤ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ᠪᠣᠬᠢᠷᠲᠤᠯ ᠥᠬᠡᠶ ᠪᠠᠷ | ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠰᠢᠨ᠎ᠡ ᠪᠠᠶᠢᠳᠠᠯ ᠢᠯᠡᠷᠡᠵᠦ᠂ | ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠬᠦ ᠪᠣᠯᠤᠨ᠎ᠠ᠃ | — — ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ᠂ ᠪᠦᠲᠦᠴᠡ ᠶᠢᠨ | ᠲᠤᠬᠢᠷᠠᠭᠤᠯᠤᠯᠳᠠ ᠶᠢ ᠴᠢᠩᠭᠠᠳᠬᠠᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ | ᠲᠦᠯᠬᠢᠨ ᠠᠬᠢᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠢ ᠣᠨᠳᠣᠣᠰᠢᠭᠤᠯᠤᠨ ᠦᠷᠳᠡᠭ ᠨᠡᠮᠡᠭᠳᠡᠭᠦᠯᠬᠦ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠰᠠᠭᠤᠷᠢᠯᠠᠵᠤ᠂ ᠳᠡᠭᠡᠳᠦ ᠲᠡᠰ ᠤᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠰᠢᠨ᠎ᠡ ᠥᠨᠳᠦᠷᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠳᠡᠭᠡᠳᠦ ᠰᠢᠨ᠎ᠡ ᠮᠠᠲ᠋ᠧᠷᠢᠶᠡᠯ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ | ᠴᠢᠩᠭ᠎ᠠ ᠠᠩᠬᠠᠷᠴᠤ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰ ᠪᠣᠯᠭᠠᠬᠤ᠂ ᠠᠵᠤ ᠦᠢᠯᠡᠰ ᠤᠨ ᠬᠡᠯᠬᠢᠶ᠎ᠡ ᠶᠢ | ᠣᠳᠣᠬᠢᠴᠢᠯᠠᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠤᠭᠰᠠᠨ᠂ | ᠡᠯᠧᠮᠧᠨ᠋ᠲ ᠬᠠᠮᠵᠢᠯᠴᠠᠭᠰᠠᠨ᠂ ᠦᠷᠢᠰᠦᠯᠳᠦᠬᠦ ᠬᠦᠴᠦᠨ ᠢᠶᠠᠷ ᠴᠢᠩᠭ᠎ᠠ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠪᠠᠶᠢᠭᠤᠯᠵᠤ᠂ ᠡᠬᠢ ᠪᠠᠶᠠᠯᠢᠭ ᠤᠨ ᠬᠡᠯᠪᠡᠷᠢ ᠲᠠᠢ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ | ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠬᠠᠳᠠᠭᠠᠯᠠᠯᠲᠠ ᠶᠢᠨ | ᠬᠡᠮᠵᠢᠶ᠎ᠡ ᠶᠢ ᠰᠢᠯᠢᠳᠡᠭᠵᠢᠭᠦᠯᠦᠨ᠎ᠡ᠃ ᠠᠵᠤ ᠦᠢᠯᠡᠰ ᠢ ᠵᠦᠷᠢᠶᠡᠵᠢᠬᠦᠯᠦᠨ ᠬᠥᠭᠵᠢᠭᠦᠯᠬᠦ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠢ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠬᠡᠨ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ | ᠬᠡᠦᠷᠰᠢᠭᠦᠯᠬᠦ ᠬᠢᠮᠢ ᠶᠢᠨ ᠠᠵᠤ ᠦᠢᠯᠡᠳᠪᠦᠷᠢ᠂ BDO ᠠᠵᠤ ᠦᠢᠯᠡᠰ᠂ ᠣᠷᠭᠠᠨᠢᠭ ᠴᠠᠬᠢᠭᠤᠷ ᠤᠨ ᠠᠵᠤ | ᠦᠢᠯᠡᠰ ᠤᠨ ᠬᠡᠯᠬᠢᠶᠡᠰᠦ ᠶᠢ ᠤᠷᠲᠤᠳᠬᠠᠵᠤ᠂ ᠤᠯᠠᠮᠵᠢᠯᠠᠯᠲᠤ ᠠᠵᠤ ᠦᠢᠯᠡᠰ ᠤᠨ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠵᠡᠭᠦᠨ ᠡᠬᠢ ᠶᠢᠨ BDO ᠶᠢᠨ ᠠᠵᠤ ᠦᠢᠯᠡᠰ ᠤᠨ ᠬᠡᠪᠴᠢᠶ᠎ᠡ ᠶᠢ ᠶᠡᠬᠡᠰᠬᠡᠵᠦ᠂ | γ — ᠪᠥᠲ᠋ᠤᠨ᠋ᠳᠤ ᠡᠰᠲ᠋ᠧᠷ᠂ PBS ᠵᠡᠷᠭᠡ ᠳᠣᠤᠷᠠᠳᠤ ᠤᠷᠤᠰᠬᠠᠯ ᠤᠨ ᠠᠵᠤ ᠦᠢᠯᠡᠰ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠶᠢᠨ ᠨᠢᠭᠡ ᠴᠤᠭᠴᠠᠵᠢᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠤᠨ᠎ᠠ᠃ ᠣᠷᠭᠠᠨᠢᠭ | ᠴᠠᠬᠢᠭᠤᠷ ᠤᠨ ᠠᠵᠤ ᠦᠢᠯᠡᠰ ᠢ ᠴᠢᠩᠭᠠᠳᠬᠠᠨ᠂ ᠣᠷᠭᠠᠨᠢᠭ ᠴᠠᠬᠢᠭᠤᠷ ᠢ ᠨᠢᠭᠡ ᠴᠤᠭᠴᠠᠵᠢᠭᠤᠯᠬᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠬᠥᠭᠵᠢᠭᠦᠯᠵᠦ᠂ ᠨᠢᠭᠲᠠ ᠪᠢᠲᠡᠭᠦᠮᠵᠢᠯᠡᠭᠰᠡᠨ ᠴᠠᠪᠠᠤ᠂ | ᠬᠤᠯᠢᠮᠠᠭ ᠪᠣᠯᠪᠠᠰᠤᠷᠠᠭᠤᠯᠤᠭᠰᠠᠨ ᠴᠠᠪᠠᠤ᠂ ᠬᠡᠶ ᠶᠢᠨ ᠹᠠᠰ ᠤᠨ ᠠᠷᠭ᠎ᠠ ᠪᠠᠷ ᠴᠠᠬᠢᠭᠤᠷ ᠤᠨ ᠳᠠᠪᠬᠤᠷ ᠢᠰᠦᠯ ᠵᠡᠷᠭᠡ | ᠳᠣᠤᠷᠠᠳᠤ ᠤᠷᠤᠰᠬᠠᠯ ᠤᠨ ᠰᠢᠨ᠎ᠡ ᠮᠠᠲ᠋ᠧᠷᠢᠶᠠᠯ ᠢ ᠤᠷᠲᠤᠳᠬᠠᠨ ᠬᠥᠭᠵᠢᠭᠦᠯᠵᠦ᠂ ᠲᠠᠷᠢᠶᠠᠨ ᠡᠮ ᠤᠨ ᠵᠠᠪᠰᠠᠷ ᠤᠨ | ᠴᠣᠭᠴᠠ ᠪᠠ ᠡᠭᠦᠷᠴᠦ ᠳᠠᠷᠤᠬᠤ ᠮᠠᠶ᠋ᠢᠭ ᠤᠨ ᠮᠠᠰᠢᠨ ᠴᠣᠭᠴᠠᠯᠠᠪᠤᠷᠢ ᠶᠢ ᠢᠵᠢ ᠪᠥᠷᠢᠳᠦᠭᠦᠯᠦᠨ ᠪᠥᠲᠥᠭᠡᠨ | ᠪᠠᠶᠢᠭᠤᠯᠤᠨ᠎ᠠ︔ ᠾᠧᠩ ᠶᠧ ᠴᠧᠩ ᠤᠨ ᠣᠷᠭᠠᠨᠢᠭ ᠴᠠᠬᠢᠭᠤᠷ᠂ ᠴᠠᠬᠢᠭᠤᠷ ᠤᠨ ᠲᠣᠰᠣ᠂ 107 ᠴᠠᠪᠠᠤ ᠵᠡᠷᠭᠡ | ᠤᠷᠲᠤᠳᠬᠠᠨ ᠬᠡᠯᠬᠢᠶᠡᠵᠢᠭᠦᠯᠬᠦ ᠲᠥᠷᠥᠯ ᠵᠦᠢᠯ ᠢ ᠦᠷᠭᠦᠯᠵᠢᠯᠡᠨ ᠪᠠᠶᠢᠭᠤᠯᠬᠤ ᠶᠢ ᠵᠣᠷᠢᠭᠵᠢᠭᠤᠯᠵᠤ᠂ ᠣᠷᠭᠠᠨᠢᠭ | ᠴᠠᠬᠢᠭᠤᠷ ᠤᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠪᠠᠭᠲᠠᠭᠠᠮᠵᠢ ᠶᠢ ᠶᠡᠬᠡᠰᠬᠡᠨ᠎ᠡ᠃ ᠡᠮ ᠡᠮᠨᠡᠯᠭᠡ᠂ ᠲᠠᠷᠢᠶᠠᠨ ᠡᠮ ᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ | ᠤᠷᠲᠤᠳᠬᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠭᠤᠣᠯᠯᠠᠭᠴᠢ ᠠᠵᠤ ᠠᠬᠤᠶᠢᠯᠠᠯ ᠤᠨ ᠭᠠᠷ | ᠤᠷᠠᠯᠠᠯ ᠤᠨ ᠲᠡᠰ ᠳᠡᠪᠰᠢᠬᠦ᠂ ᠦᠢᠯᠡᠳᠬᠦᠨ ᠤ ᠳᠠᠩᠰᠠ ᠡᠪᠬᠡᠮᠡᠯ ᠢ ᠳᠡᠭᠡᠭᠰᠢᠯᠡᠭᠦᠯᠬᠦ ᠶᠢ ᠠᠬᠢᠭᠤᠯᠵᠤ᠂ ᠨᠢᠭᠡ ᠪᠦᠯᠦᠭ | ᠳᠡᠭᠡᠳᠦ ᠲᠡᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠷᠦᠬᠡ ᠠᠮᠠ ᠣᠷᠣᠵᠤ | ᠬᠥᠭᠵᠢᠬᠦ ᠶᠢ ᠳᠠᠶᠢᠴᠢᠯᠠᠬᠤ ᠪᠠ ᠳᠠᠳᠠᠨ ᠠᠪᠴᠢᠷᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠪᠦᠯᠦᠭᠵᠢᠬᠦ᠂ ᠤᠶᠤᠨᠴᠢᠯᠠᠬᠤ᠂ ᠦᠵᠦᠭᠦᠷᠯᠡᠬᠦ ᠲᠡᠰᠢ ᠬᠥᠭᠵᠢᠬᠦ ᠶᠢ ᠠᠬᠢᠭᠤᠯᠤᠨ᠎ᠠ᠃ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠤᠨ ᠳᠠᠯᠳᠠ ᠬᠦᠴᠦᠨ ᠢ ᠭᠦᠨ ᠠᠭᠤᠳᠠᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠳᠡᠭᠡᠳᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠪᠠᠯ ᠴᠢᠯᠠᠭᠤᠨ | ᠠᠯᠺᠤᠨ᠂ ᠳᠡᠭᠡᠳᠦ ᠴᠡᠪᠡᠷ ᠲᠢᠲ᠋ᠠᠨ ᠵᠡᠷᠭᠡ ᠨᠢᠭᠡ ᠪᠦᠯᠦᠭ ᠳᠡᠭᠡᠳᠦ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ | ᠬᠥᠭᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ ᠠᠴᠠ ᠡᠭᠦᠰᠦᠭᠰᠡᠨ ᠦᠢᠯᠡᠳᠬᠦ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ᠡᠮᠴᠢᠯᠡᠭᠡᠨ ᠤ ᠲᠣᠨᠤᠭ ᠲᠥᠬᠦᠭᠡᠷᠦᠮᠵᠢ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠲᠣᠨᠤᠭ ᠲᠥᠬᠦᠭᠡᠷᠦᠮᠵᠢ᠂ ᠠᠵᠤ ᠦᠢᠯᠡᠳᠪᠦᠷᠢ ᠶᠢᠨ ᠮᠠᠰᠢᠨ ᠬᠥᠮᠦᠨ ᠵᠡᠷᠭᠡ ᠠᠵᠤ | ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠣᠨᠴᠠᠯᠢᠠᠠᠳᠣ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ | ᠰᠠᠭᠤᠷᠢᠨ ᠭᠠᠵᠠᠷ ᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠢᠨ ᠯᠦᠩ ᠰᠢᠨ᠎ᠡ ᠡᠨᠧᠷᠭᠢ ᠶᠢᠨ ᠰᠤᠷᠪᠤᠯᠵᠢ ᠶᠢᠨ | ᠮᠠᠰᠢᠨ ᠲᠡᠷᠭᠡᠨ ᠤ ᠭᠤᠤᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠦᠢᠯᠡᠳᠬᠦ ᠴᠢᠳᠠᠪᠤᠷᠢ ᠶᠢ ᠳᠡᠭᠡᠭᠰᠢᠯᠡᠭᠦᠯᠦᠨ᠂ | ᠭᠤᠤᠯᠯᠠᠬᠤ ᠰᠡᠯᠪᠢᠭ ᠲᠣᠨᠤᠭ᠂ ᠰᠢᠰᠲ᠋ᠧᠮ ᠤᠨ ᠬᠤᠷᠠᠮᠠᠯ᠂ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ | ᠦᠢᠯᠡᠳᠪᠦᠷᠢᠯᠡᠯ ᠵᠡᠷᠭᠡ ᠨᠢᠭᠡ ᠴᠤᠭᠴᠠᠵᠢᠭᠰᠠᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠭᠤᠯᠤᠭᠳᠠᠴᠠ ᠶᠢ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠯ ᠤᠨ | ᠰᠢᠨ᠎ᠡ ᠶᠢ ᠡᠭᠦᠳᠬᠦ ᠬᠡᠯᠬᠢᠶ᠎ᠡ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠰᠠᠭᠤᠷᠢ᠂ ᠰᠢᠨ᠎ᠡ ᠶᠢ ᠡᠭᠦᠳᠬᠦ ᠪᠡᠶᠡᠴᠢ | ᠴᠣᠭᠴᠠ᠂ ᠰᠢᠨ᠎ᠡ ᠶᠢ ᠡᠭᠦᠳᠬᠦ ᠡᠬᠢ ᠪᠠᠶᠠᠯᠢᠭ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠨᠢᠭᠡᠳᠦᠯᠲᠡᠶ | ᠲᠥᠯᠥᠪᠯᠡᠨ ᠰᠠᠶᠢᠲᠤᠷ ᠠᠳᠬᠤᠵᠤ᠂ ᠰᠢᠨ᠎ᠡ ᠶᠢ ᠡᠭᠦᠳᠬᠦ ᠡᠯ᠎ᠡ ᠲᠦᠷᠦᠯ ᠤᠨ ᠬᠦᠴᠦᠨ ᠵᠦᠢᠯ ᠤᠨ ᠠᠵᠤ | ᠠᠬᠤᠶᠢᠯᠠᠯ ᠲᠡᠰᠢ ᠴᠤᠭᠯᠠᠷᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠳ᠋ᠦᠩ ᠶᠤᠸᠠᠨ᠂ ᠵᠢᠶᠦ᠋ᠨ ᠵᠧᠩ ᠵᠡᠷᠭᠡ ᠭᠤᠤᠯᠯᠠᠭᠴᠢ ᠠᠵᠤ | ᠠᠬᠤᠶᠢᠯᠠᠯ ᠤᠨ ᠨᠠᠷᠠᠲᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ | ᠬᠠᠮᠲᠤᠷᠠᠯᠴᠠᠬᠤ ᠶᠢ ᠭᠤᠤᠯᠳᠠᠯᠭ᠎ᠠ ᠲᠠᠢ ᠳᠡᠮᠵᠢᠵᠦ᠂ ᠵᠢᠶᠠ ᠷᠦᠢ ᠮᠢ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠥᠮᠴᠢᠯᠡᠬᠦ ᠡᠷᠬᠡ ᠪᠠᠨ ᠭᠠᠳᠠᠭᠰᠢ ᠭᠠᠷᠭᠠᠬᠤ ᠶᠢ ᠬᠥᠲᠥᠯᠦᠨ ᠵᠢᠯᠣᠭᠤᠳᠤᠨ᠎ᠠ᠃ ᠬᠦᠷᠢᠶᠡᠯᠡᠩ | ᠲᠣᠭᠤᠷᠢᠭ ᠤᠨ ᠳᠠᠭᠠᠭᠠᠴᠠ ᠶᠢ ᠥᠷᠭᠡᠳᠬᠡᠨ᠎ᠡ᠃ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠣᠯᠤᠨ ᠠᠵᠤ | ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠢᠵᠢ ᠪᠦᠷᠢᠳᠦᠭᠦᠯᠬᠦ ᠰᠠᠭᠤᠷᠢ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠵᠣᠬᠢᠬᠤ ᠬᠡᠮᠵᠢᠶ᠎ᠡ ᠪᠠᠷ ᠤᠷᠢᠳᠴᠢᠯᠠᠭᠰᠠᠨ᠂ | ᠪᠠᠶᠢᠷᠢᠰᠢᠭᠤᠯᠤᠯ ᠨᠢ ᠵᠦᠢ ᠵᠣᠬᠢᠰᠲᠠᠶ᠂ ᠢᠵᠢ ᠪᠦᠷᠢᠳᠦᠭᠦᠯᠦᠨ ᠲᠡᠭᠦᠯᠳᠡᠷᠵᠢᠭᠦᠯᠦᠭᠰᠡᠨ ᠬᠦᠷᠢᠶᠡᠯᠡᠩ ᠲᠣᠭᠤᠷᠢᠭ ᠤᠨ | ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠪᠤᠢ ᠪᠣᠯᠭᠠᠬᠤ ᠬᠡᠷᠡᠭᠲᠡᠶ᠃ ᠰᠢᠯᠢᠳᠡᠭ ᠢ ᠨᠢ ᠲᠡᠳᠬᠦᠨ ᠰᠢᠭᠠᠷᠤ ᠶᠢ ᠨᠢ | ᠲᠠᠶᠠᠭᠳᠠᠬᠤ ᠶᠢ ᠪᠠᠷᠢᠮᠲᠠᠯᠠᠵᠤ᠂ ᠠᠭᠤᠷ᠂ ᠤᠰᠤᠨ ᠤ ᠡᠷᠬᠡ᠂ ᠡᠨᠧᠷᠭᠢ ᠬᠡᠷᠡᠭᠯᠡᠬᠦ᠂ ᠣᠷᠴᠢᠨ ᠠᠬᠤᠶ ᠶᠢᠨ | ᠪᠠᠭᠲᠠᠭᠠᠮᠵᠢ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠭᠦᠢᠴᠡᠳᠬᠡᠬᠦ ᠲᠤᠭ᠎ᠠ ᠶᠢ ᠵᠦᠷᠢᠶᠡᠴᠢᠯᠡᠨ ᠲᠣᠬᠢᠷᠠᠭᠤᠯᠵᠤ᠂ | ᠡᠯ᠎ᠡ ᠲᠦᠷᠦᠯ ᠤᠨ ᠡᠯᠧᠮᠧᠨ᠋ᠲ ᠢ ᠬᠥᠲᠥᠯᠥᠨ ᠵᠢᠯᠣᠭᠤᠳᠴᠤ ᠪᠠᠶᠢᠭᠠᠳ ᠴᠢᠨᠠᠷ ᠰᠠᠶᠢᠲᠠᠶ ᠠᠵᠤ ᠦᠢᠯᠡᠰ ᠲᠡᠶᠢᠰᠢ | ᠲᠥᠪᠯᠡᠷᠡᠭᠦᠯᠦᠨ᠎ᠡ᠃ ︽ᠨᠢᠰᠦᠭᠡ ᠭᠠᠵᠠᠷ ᠤᠨ ᠠᠵᠤ ᠠᠬᠤᠶ︾ ᠶᠢ ᠲᠦᠷᠭᠡᠳᠬᠡᠨ ᠬᠥᠭᠵᠢᠭᠦᠯᠵᠦ᠂ ᠦᠷ᠎ᠡ | ᠠᠰᠢᠭ ᠢᠶᠠᠷ ᠳᠣᠤᠷ᠎ᠠ ᠦᠢᠯᠡᠳᠪᠦᠷᠢᠯᠡᠬᠦ ᠴᠢᠳᠠᠪᠤᠷᠢ ᠲᠠᠢ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ ᠭᠠᠵᠠᠷ | ᠰᠢᠷᠣᠶ ᠶᠢᠨ ᠬᠢᠵᠠᠭᠠᠷᠯᠠᠯ ᠤᠨ ᠪᠣᠭᠤᠮᠢ ᠶᠢ ᠪᠥᠬᠦ ᠬᠦᠴᠦᠨ ᠢᠶᠠᠷ ᠢᠶᠠᠨ ᠲᠠᠶᠢᠯᠤᠨ᠎ᠠ᠃ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠤᠮᠤ ᠳ᠋ᠠᠶᠢᠲ᠋ᠠ᠂ ᠢᠨᠲ᠋ᠧᠷ ᠰᠦᠯᠵᠢᠶ᠎ᠡ᠂ ᠤᠶᠤᠨᠲᠤ ᠡᠳ᠋ ᠪᠠᠷᠠᠭᠠᠨ ᠤ ᠭᠦᠢᠯᠭᠡᠭᠡ | ᠪᠣᠯᠤᠨ ᠠᠵᠤ ᠦᠢᠯᠡᠳᠪᠦᠷᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠡᠰ | ᠳᠡᠪᠰᠢᠬᠦ ᠪᠠ ᠦᠷ᠎ᠡ ᠠᠰᠢᠭ ᠤᠨ ᠳᠡᠭᠡᠭᠰᠢᠯᠡᠯᠲᠡ ᠶᠢ ᠲᠠᠶᠢᠴᠢᠯᠠᠵᠦ᠂ ᠬᠤᠷᠠᠮᠠᠯ ᠦᠢᠯᠡᠴᠢᠯᠡᠭᠡ᠂ ᠬᠠᠮᠵᠢᠯᠴᠠᠬᠤ ᠠᠵᠤ | ᠦᠢᠯᠡᠰ ᠤᠨ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠯᠬᠤᠮ | ᠠᠯᠬᠤᠮ ᠢᠶᠠᠷ ᠪᠦᠷᠢᠯᠳᠦᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠠᠩᠭᠠᠯᠭ᠎ᠠ ᠶᠢᠨ ᠬᠡᠯᠬᠢᠶ᠎ᠡ ᠶᠢᠨ | ᠮᠥᠩᠭᠦᠨ ᠭᠦᠢᠯᠭᠡᠭᠡ ᠶᠢ ᠨᠢᠭᠡ ᠴᠤᠭᠴᠠᠵᠢᠭᠤᠯᠤᠭᠰᠠᠨ ᠶᠡᠭᠡ ᠬᠡᠮᠵᠢᠶᠡᠨ ᠤ ᠲᠠᠸᠠᠷ ᠤᠨ ᠡᠯᠧᠺᠲᠷᠣᠨ ᠠᠷᠠᠯᠵᠢᠶᠠᠨ ᠤ | ᠲᠥᠪ ᠢ ᠪᠠᠶᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠲᠠᠪᠴᠠᠩ ᠢ ᠪᠠᠶᠢᠭᠤᠯᠤᠨ᠂ | ᠦᠢᠯᠡᠳᠭᠦᠨ ᠤ ᠠᠷᠠᠯᠵᠢᠶᠠᠨ ᠤ ᠬᠡᠯᠬᠢᠶ᠎ᠡ ᠶᠢ ᠨᠡᠪᠲᠡᠷᠡᠭᠦᠯᠵᠦ᠂ ᠮᠥᠩᠭᠦᠨ ᠭᠦᠢᠯᠭᠡᠭᠡᠨ ᠤ ᠬᠠᠮ ᠠᠷᠭ᠎ᠠ ᠪᠠᠷᠢᠯ ᠢ | ᠰᠠᠶᠢᠲᠤᠷ ᠬᠡᠷᠡᠭᠯᠡᠨ᠎ᠡ᠃ ᠡᠬᠢ ᠪᠠᠶᠠᠯᠢᠭ ᠤᠨ ᠡᠳ᠋ ᠪᠠᠷᠠᠭᠠᠨ ᠤ ᠭᠦᠢᠯᠭᠡᠭᠡᠨ ᠤ ᠬᠡᠯᠬᠢᠶ᠎ᠡ ᠶᠢ ᠡᠮᠬᠢᠯᠡᠨ ᠨᠡᠶᠢᠯᠡᠭᠦᠯᠵᠦ᠂ | ᠤᠳᠤ ᠦᠶ᠎ᠡ ᠶᠢᠨ ᠤᠶᠤᠨᠲᠤ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠶᠤᠨᠲᠤ ᠨᠡᠭᠦᠷᠡᠰᠦᠨ ᠤ ᠡᠳ᠋ ᠪᠠᠷᠠᠭᠠᠨ ᠤ ᠭᠦᠢᠯᠭᠡᠭᠡᠨ ᠤ | ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠵᠠᠰᠠᠮᠠᠯ ᠵᠠᠮ ᠲᠡᠮᠦᠷ ᠵᠠᠮ ᠳᠠᠯᠠᠢ ᠲᠠᠩᠭᠢᠰ ᠤᠨ ᠨᠢᠭᠡ ᠦᠷᠳᠡᠭᠡᠯᠢᠭ | ᠬᠠᠮᠲᠤᠷᠠᠭᠰᠠᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ | ᠪᠢᠨ ᠾᠧ ᠶᠢᠨ ᠪᠠᠷᠠᠭᠤᠨ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠠᠵᠤ ᠦᠢᠯᠡᠰ | ᠪᠠ ᠴᠢᠳᠠᠮᠵᠢ ᠶᠢᠨ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠵᠠᠯᠭᠠᠨ ᠠᠪᠴᠤ᠂ ᠦᠬᠠᠶ ᠨᠠᠭᠤᠷ ᠤᠨ ᠤᠶᠤᠨᠲᠤ | ᠡᠷᠡᠭᠦᠯ ᠮᠡᠨᠳᠦ ᠶᠢᠨ ᠬᠥᠨᠳᠡᠶ ᠶᠢ ᠲᠦᠷᠭᠡᠳᠬᠡᠨ ᠪᠠᠶᠢᠭᠤᠯᠵᠤ᠂ ᠶᠢ ᠣᠣ ᠨᠢ 4A ᠲᠠᠰ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠤᠨᠴᠠᠯᠢᠬᠳᠤ ᠨᠠᠷᠠᠲᠤ ᠲᠥᠷᠥᠯ | ᠲᠡᠮᠳᠡᠭᠲᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ ᠪᠢᠳᠡ ᠬᠥᠭᠵᠢᠯᠲᠡ ᠶᠢᠨ ᠤᠶᠠᠨ ᠬᠠᠲᠠᠨ ᠴᠢᠨᠠᠷ ᠨᠠᠩ | ᠴᠢᠩᠭ᠎ᠠ᠂ ᠠᠵᠤ ᠠᠬᠤᠶ ᠶᠢᠨ ᠪᠦᠲᠦᠴᠡ ᠨᠠᠩ ᠰᠢᠯᠢᠳᠡᠭᠵᠢᠬᠦ ᠬᠠᠨᠳᠤᠰᠢ ᠲᠠᠢ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠪᠣᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠪᠠᠳᠠᠷᠠᠭᠤᠯᠤᠨ᠎ᠠ᠃ | — ᠠᠷᠠᠳ ᠲᠦᠮᠡᠨ ᠢᠶᠠᠷ ᠭᠤᠣᠯ ᠪᠣᠯᠭᠠᠵᠤ᠂ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ ᠬᠦᠷᠭᠡᠬᠦ ᠶᠢ ᠠᠬᠢᠭᠤᠯᠤᠨ᠎ᠠ᠃ ᠤᠮᠠᠷᠠᠰᠢ ᠰᠢᠯᠵᠢᠵᠦ | ᠵᠡᠭᠦᠨᠰᠢ ᠨᠠᠭᠤᠷ ᠭᠤᠣᠯ ᠳᠠᠭᠠᠤ ᠬᠥᠭᠵᠢᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠬᠤᠳᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ | ᠴᠢᠳᠠᠮᠵᠢ ᠶᠢ ᠲᠡᠭᠦᠯᠳᠡᠷᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ | ᠬᠠᠩᠭᠠᠨ᠎ᠠ᠃ ᠬᠤᠳᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠬᠤᠳᠠ ᠶᠢᠨ | ᠵᠠᠮ ᠤᠨ ᠲᠣᠣᠷ ᠤᠨ ᠰᠢᠰᠲ᠋ᠧᠮ ᠢ ᠰᠢᠯᠢᠳᠡᠭᠵᠢᠭᠦᠯᠵᠦ᠂ ᠵᠠᠮ ᠲᠡᠭᠡᠭᠡᠪᠦᠷᠢ ᠶᠢᠨ ᠳᠠᠭᠠᠭᠠᠴᠠ ᠶᠢ ᠳᠡᠭᠡᠭᠰᠢᠯᠡᠭᠦᠯᠦᠨ᠎ᠡ᠃ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ | ᠬᠤᠲᠠ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠠᠭᠤᠴᠢᠨ ᠲᠣᠭᠤᠷᠢᠭ᠂ | ᠪᠠᠶᠢᠰᠢᠩ ᠬᠡᠷ ᠤᠨ ᠲᠣᠭᠤᠷᠢᠭ ᠢ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠰᠠᠨ ᠳ᠋ᠤᠤ ᠺᠠᠨ᠂ ᠡᠤ ᠬᠤ᠋ ᠱᠠᠨ | ᠵᠡᠷᠭᠡ ᠬᠡᠰᠡᠭ ᠭᠠᠵᠠᠷ ᠣᠷᠣᠨ ᠢ ᠨᠡᠭᠦᠯᠭᠡᠨ ᠥᠭᠡᠷᠡᠴᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠷᠣᠰᠢᠨ | ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠤᠨ᠎ᠠ᠃ ᠬᠤᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢ | ᠣᠶᠤᠨᠵᠢᠭᠤᠯᠬᠤ᠂ ᠪᠠᠷᠢᠮᠵᠢᠶᠠᠵᠢᠭᠤᠯᠬᠤ᠂ ᠬᠠᠤᠯᠢᠵᠢᠭᠤᠯᠬᠤ ᠶᠢ ᠠᠬᠢᠭᠤᠯᠤᠨ᠂ ᠴᠡᠪᠡᠷ ᠲᠡᠭᠰᠢ᠂ ᠡᠮᠬᠢ ᠵᠢᠷᠤᠮ ᠲᠠᠢ᠂ | ᠪᠣᠯᠪᠠᠰᠤᠨ ᠬᠤᠲᠠ ᠶᠢᠨ ᠳᠦᠷᠢ ᠲᠥᠷᠬᠦ ᠶᠢ ᠪᠣᠶ ᠪᠣᠯᠭᠠᠨ᠎ᠠ᠃ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠤᠶᠢᠵᠢᠭᠤᠯᠤᠨ ᠬᠥᠭᠵᠢᠭᠦᠯᠵᠦ᠂ | ᠠᠵᠤ ᠠᠬᠤᠶᠢᠯᠠᠯ ᠢ ᠲᠠᠲᠠᠵᠤ ᠰᠤᠷᠭᠠᠭᠤᠯᠢ ᠳᠤ ᠰᠠᠭᠤᠯᠭᠠᠬᠤ᠂ ᠰᠤᠷᠭᠠᠭᠤᠯᠢ ᠶᠢ ᠲᠠᠲᠠᠵᠤ ᠠᠵᠤ ᠠᠬᠤᠶᠢᠯᠠᠯ ᠳᠤ | ᠣᠷᠣᠭᠤᠯᠬᠤ᠂ ᠰᠤᠷᠭᠠᠭᠤᠯᠢ ᠠᠵᠤ ᠠᠬᠤᠶᠢᠯᠠᠯ ᠢ ᠨᠢᠭᠡ ᠴᠣᠠᠠᠴᠠᠵᠢᠭᠤᠯᠥᠠᠠᠰᠠᠨ ᠦᠢᠯᠡᠳᠪᠦᠷᠢᠯᠡᠯ ᠪᠠ ᠰᠤᠷᠭᠠᠨ | ᠬᠥᠮᠦᠵᠢᠯ ᠢ ᠠᠭᠤᠰᠤᠯᠴᠠᠭᠤᠯᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠬᠠᠷᠢᠶ᠎ᠠ ᠣᠷᠣᠨ᠂ | ᠡᠷᠬᠢᠨ ᠲᠣᠭᠤᠷᠢᠨ ᠢ ᠨᠥᠯᠥᠭᠡᠯᠡᠭᠰᠡᠨ ᠠᠵᠤ ᠦᠢᠯᠡᠰ ᠤᠨ ᠠᠵᠢᠯᠴᠢᠨ ᠤ ᠬᠤᠲᠣᠭᠤᠷ ᠭᠠᠵᠠᠷ ᠢ ᠪᠣᠶ ᠪᠣᠯᠭᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠨᠡᠩ ᠰᠢᠯᠢᠳᠡᠭ | ᠰᠤᠷᠭᠠᠨ ᠬᠥᠮᠦᠵᠢᠯ ᠬᠦᠷᠲᠡᠭᠡᠨ᠎ᠡ᠃ ᠡᠷᠡᠭᠦᠯ ᠡᠩᠬᠡ ᠶᠢᠨ ᠤᠳᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠪᠠ ᠡᠮᠴᠢᠯᠡᠭᠡᠨ ᠤ | ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠠᠮᠠᠭᠠᠯᠠᠯᠲᠠ ᠶᠢᠨ ᠲᠣᠤᠷ ᠢ ᠪᠠᠲᠤ ᠪᠠᠬᠢ ᠪᠠᠶᠢᠭᠤᠯᠤᠨ᠎ᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠢ | ᠴᠡᠴᠡᠭᠯᠡᠭᠦᠯᠦᠨ ᠬᠥᠭᠵᠢᠭᠦᠯᠵᠦ᠂ ᠤᠯᠠᠨ ᠲᠦᠮᠡᠨ ᠤ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃ ᠠᠷᠠᠳ ᠤᠨ | ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠵᠦ᠂ ᠨᠡᠶᠢᠭᠡᠮ ᠤᠨ ᠳᠠᠭᠠᠳᠬᠠᠯ᠂ | ᠨᠠᠰᠤᠵᠢᠯ ᠤᠨ ᠠᠰᠠᠷᠠᠮᠵᠢ᠂ ᠠᠪᠤᠷᠠᠨ ᠲᠤᠰᠠᠯᠠᠬᠤ ᠵᠡᠷᠭᠡ ᠬᠠᠩᠭᠠᠯᠭ᠎ᠠ ᠶᠢ ᠪᠠᠲᠤᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ | ᠂ ᠪᠢᠳᠡ ᠬᠤᠳᠠ ᠶᠢᠨ ᠴᠢᠳᠠᠮᠵᠢ ᠨᠡᠩ ᠪᠦᠷᠢᠨ ᠲᠡᠭᠦᠯᠳᠡᠷ᠂ ᠤᠯᠠᠨ ᠨᠡᠶᠢᠲᠡ ᠶᠢᠨ ᠦᠢᠯᠡᠴᠢᠯᠡᠭᠡ ᠨᠡᠩ ᠰᠢᠯᠢᠳᠡᠭ | ᠪᠣᠯᠬᠤ ᠰᠢᠨ᠎ᠡ ᠵᠢᠷᠤᠭ ᠲᠥᠰᠦᠪ ᠢ ᠪᠤᠢ ᠪᠣᠯᠭᠠᠵᠤ᠂ ᠬᠤᠳᠠ ᠶᠢᠨ ᠵᠣᠬᠢᠴᠠᠩᠭᠤᠶ ᠬᠥᠭᠵᠢᠯᠲᠡ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | — ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠶᠢ ᠴᠢᠩᠭᠠᠳᠬᠠᠵᠤ | ᠂ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ ᠪᠣᠯᠭᠠᠬᠤ ᠶᠢ ᠠᠬᠢᠭᠤᠯᠤᠨ᠎ᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢᠨ ᠬᠥᠮᠦᠰ ᠤᠨ ᠰᠡᠳᠬᠢᠯ ᠳᠤ ᠬᠠᠳᠠᠩᠰᠢᠬᠤ ᠶᠢ ᠦᠨᠡᠨᠴᠢ ᠢᠲᠡᠭᠡᠮᠵᠢ ᠶᠢᠨ ᠠᠮᠠᠯᠠᠯᠲᠠ ᠪᠠ | ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠠᠵᠤ | ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠵᠠᠰᠠᠭ ᠤᠨ | ᠣᠷᠳᠣᠨ ᠤ ᠥᠷᠢ ᠥᠭᠴᠡᠭᠡ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠷᠢ ᠥᠭᠴᠡᠭᠡ ᠶᠢᠨ | ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ | ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠠᠮᠤᠷ ᠲᠠᠶᠢᠪᠤᠩ ᠤᠨ ᠪᠠᠶᠢᠭᠤᠯᠤᠯᠲᠠ ᠶᠢᠨ ᠨᠡᠶᠢᠭᠡᠮ ᠤᠨ | ᠬᠠᠮᠵᠢᠯᠴᠠᠭᠠᠨ ᠤ ᠲᠣᠭᠲᠠᠴᠠ ᠶᠢ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠩᠭᠤᠵᠢᠭᠤᠯᠤᠨ ᠠᠬᠢᠭᠤᠯᠵᠤ᠂ ᠤᠷᠢᠳᠴᠢᠯᠠᠨ ᠰᠡᠷᠡᠮᠵᠢᠯᠡᠬᠦ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠯᠠᠪᠳᠠᠭᠤᠨ ᠢᠶᠠᠷ | ᠬᠡᠷᠡᠭᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠬᠠᠤᠯᠢ ᠶᠢ ᠰᠠᠬᠢᠬᠤ ᠨᠡᠩ ᠭᠦᠨ | ᠵᠤᠵᠠᠭᠠᠨ ᠠᠭᠤᠷ ᠠᠮᠢᠰᠬᠤᠯ ᠢ ᠪᠤᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠡᠴᠦᠰ ᠲᠤ᠂ ᠪᠢᠳᠡ ᠪᠣᠯᠪᠠᠰᠤᠨ ᠤ ᠬᠡᠮᠵᠢᠶ᠎ᠡ ᠢᠯᠡᠳᠲᠡ ᠳᠡᠭᠡᠭᠰᠢᠯᠡᠭᠰᠡᠨ᠂ ᠣᠯᠠᠨ ᠨᠡᠶᠢᠲᠡ ᠶᠢᠨ | ᠠᠮᠤᠷ ᠲᠦᠪᠰᠢᠨ ᠨᠠᠩ ᠪᠠᠲᠤᠯᠠᠭ᠎ᠠ ᠲᠠᠢ ᠪᠣᠯᠤᠭᠰᠠᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠨᠡᠶᠢᠭᠡᠮ ᠤᠨ | ᠲᠥᠪ ᠭᠤᠤᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠢᠯᠡᠷᠡᠭᠦᠯᠬᠦ ᠪᠣᠯᠤᠨ᠎ᠠ᠃ | ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ | ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠦᠬᠦ | ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠶᠢᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ | ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ | ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ ᠬᠢᠷᠢ | ᠲᠦᠪᠰᠢᠨ ᠪᠦᠬᠦᠢ ᠭᠠᠳᠠᠭᠰᠢ ᠨᠡᠭᠡᠭᠡᠯᠳᠡ ᠶᠢ ᠥᠷᠭᠡᠳᠬᠡᠵᠦ᠂ ᠠᠵᠤ ᠦᠢᠯᠡᠰ᠂ ᠬᠤᠳᠠ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ | 100 ᠵᠢᠯ ᠤᠨ ᠤᠢ ᠶᠢ ᠪᠡᠯᠭᠡᠯᠡᠨ᠎ᠡ᠃ | ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6.5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ︔ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠥᠰᠬᠡᠨ᠎ᠡ︔ ᠰᠠᠭᠤᠭᠠᠯᠢ ᠠᠷᠠᠳ ᠤᠨ ᠣᠷᠣᠯᠭ᠎ᠠ | ᠲᠣᠭᠲᠠᠭᠤᠨ ᠢᠶᠠᠷ ᠨᠡᠮᠡᠭᠳᠡᠭᠦᠯᠵᠦ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ | ᠡᠨᠧᠷᠭᠢ ᠶᠢᠨ ᠬᠤᠷᠣᠭᠳᠠᠭᠤᠯᠤᠯ ᠢ 3% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢᠨ ᠭᠦᠢᠴᠡᠳᠭᠡᠯ ᠲᠤᠭ᠎ᠠ ᠶᠢ ᠲᠣᠰ ᠲᠣᠰ 8%᠂ 5%᠂ 2%᠂ 5% ᠪᠠᠷ ᠨᠡᠮᠡᠭᠳᠡᠭᠦᠯᠬᠦ ᠪᠠᠷ | ᠡᠵᠡᠮᠰᠢᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ | ᠰᠠᠶᠢᠲᠤᠷ ᠬᠢᠨ᠎ᠠ᠄ | ︵ᠨᠢᠭᠡ︶ ᠶᠠᠰᠤ ᠴᠢᠨᠠᠷ ᠦᠷ᠎ᠡ ᠠᠰᠢᠭ ᠢ ᠲᠤᠪᠤᠶᠢᠯᠭᠠᠨ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ | ᠬᠦᠴᠦᠨ ᠢ ᠬᠦᠴᠦᠯᠡᠨ ᠴᠢᠩᠭᠠᠷᠠᠭᠤᠯᠤᠨ᠎ᠠ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠠᠵᠤ ᠦᠢᠯᠡᠰ ᠤᠨ | ᠭᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠭᠡᠯᠬᠢᠶ᠎ᠡ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠠᠵᠤ | ᠦᠢᠯᠡᠰ ᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ | ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠰᠢ ᠶᠢᠨ ᠫᠢᠩ ᠶᠡᠷᠦᠩᠬᠡᠢ ᠱᠦᠵᠢ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠬᠤ ᠳᠠᠭᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ ᠶᠢᠨ ᠪᠢᠳᠡᠨ ᠳᠤ ᠲᠤᠰᠢᠶᠠᠭᠰᠠᠨ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠤᠨ᠎ᠠ᠂ ᠪᠢᠳᠡ ᠲᠠᠲᠠᠭᠠᠯᠵᠠᠵᠤ ᠪᠣᠯᠬᠤ ᠦᠭᠡᠢ᠂ ᠤᠬᠤᠷᠢᠵᠤ ᠪᠣᠯᠬᠤ ᠦᠭᠡᠢ᠂ ᠰᠡᠳᠬᠢᠯ | ᠰᠢᠭᠤᠳᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ | ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠣᠯᠤᠨ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠨ᠎ᠡ᠃ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ | ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠭᠤᠯᠤᠯᠲᠠ ᠶᠢ ᠵᠢᠯ ᠳᠠᠷᠠᠭᠠᠯᠠᠨ ᠨᠡᠮᠡᠭᠳᠡᠭᠦᠯᠬᠦ ᠶᠢ ᠪᠠᠲᠤᠯᠠᠵᠤ᠂ | ᠰᠢᠰᠲ᠋ᠧᠮᠲᠦ ᠰᠡᠳᠬᠢᠬᠦᠶ ᠶᠢ ᠪᠠᠷᠢᠮᠲᠠᠯᠠᠨ᠂ ᠨᠠᠷᠢᠯᠢᠭ ᠣᠨᠣᠴᠠᠲᠠᠶ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ | ᠶᠡᠷᠦᠩᠬᠡᠶᠢᠯᠡᠨ ᠵᠠᠰᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠵᠠᠰᠠᠨ ᠰᠡᠷᠭᠦᠭᠡᠬᠦ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠨᠠᠭᠤᠷ ᠡᠪᠡᠰᠦ | ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ ᠤ ︽ | ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠶᠢᠨ ᠬᠡᠷᠡᠭᠵᠢᠭᠦᠯᠬᠦ ᠲᠥᠰᠦᠯ︾ ︽ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠪᠠᠷᠢᠮᠵᠢᠶ᠎ᠠ ᠲᠠᠢ ᠬᠠᠷᠭᠤᠭᠤᠯᠵᠤ᠂ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ᠢ ᠲᠣᠭᠲᠠᠭᠠᠨ ᠨᠡᠶᠢᠲᠡᠯᠡᠵᠦ᠂ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠪᠥᠬᠦ | ᠶᠠᠪᠤᠴᠠ ᠶᠢ ᠬᠠᠮᠢᠶᠠᠷᠤᠨ ᠡᠵᠡᠮᠳᠡᠬᠦ᠂ ᠬᠠᠷᠠᠯᠲᠠ ᠶᠢ ᠭᠡᠳᠡᠷᠭᠦ ᠰᠢᠬᠠᠮᠳᠠᠭᠤᠯᠬᠤ ᠶᠢ ᠬᠡᠷᠡᠭᠵᠢᠭᠦᠯᠦᠨ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠣᠷᠣᠨ ᠪᠦᠰᠡ ᠶᠢᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠵᠢᠯᠴᠠᠨ ᠵᠠᠰᠠᠵᠤ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠠᠮᠢ ᠠᠬᠤᠶ ᠶᠢᠨ ᠣᠷᠴᠢᠨ | ᠨᠥᠬᠦᠴᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠵᠤ᠂ ᠬᠠᠤᠯᠢ ᠲᠣᠭᠲᠠᠭᠠᠯ ᠶᠣᠰᠣᠭᠠᠷ ᠳᠡᠭᠡᠳᠦ ᠬᠢᠵᠠᠭᠠᠷ ᠢᠶᠠᠷ ᠰᠢᠳᠬᠡᠨ ᠲᠣᠷᠭᠠᠵᠤ᠂ ᠠᠮᠢ ᠠᠬᠤᠶ ᠶᠢᠨ | ᠬᠢᠵᠠᠭᠠᠷ ᠱᠤᠭᠤᠮ ᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠨᠡᠮᠡᠭᠳᠡᠭᠦᠯᠦᠨ᠎ᠡ᠃ | ᠠᠭᠤᠷᠬᠠᠶ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠲᠣᠭᠤᠰᠣ ᠶᠢ ᠪᠠᠭᠤᠷᠠᠭᠤᠯᠬᠤ᠂ ᠨᠡᠭᠦᠷᠡᠰᠦ ᠶᠢ ᠪᠠᠭᠠᠰᠬᠠᠬᠤ᠂ | ᠲᠡᠷᠭᠡ ᠶᠢ ᠡᠵᠡᠮᠳᠡᠬᠦ ︽ᠲᠠᠪᠤᠨ ᠬᠠᠮᠢᠶᠠᠷᠤᠯᠲᠠ ᠶᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠠᠭᠠᠷ | ᠮᠠᠨᠳᠠᠯ ᠤᠨ ᠪᠣᠬᠢᠷᠲᠤᠯ ᠤᠨ ᠲᠣᠪᠤᠶᠢᠮ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠥᠪᠡᠷᠲᠡᠭᠡᠨ | ᠵᠠᠰᠠᠬᠤ ᠣᠷᠣᠨ ᠠᠴᠠ ᠪᠠᠭᠤᠯᠭᠠᠭᠰᠠᠨ ᠠᠭᠠᠷ ᠤᠨ ᠶᠠᠰᠤ ᠴᠢᠨᠠᠷ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ | ᠬᠦᠷᠦᠭᠦᠯᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠷᠢᠯᠭ᠎ᠠ ᠶᠢᠨ ᠭᠠᠵᠠᠷ᠂ ᠨᠡᠭᠦᠷᠡᠰᠦ | ᠲᠡᠭᠡᠭᠡᠪᠦᠷᠢᠯᠡᠬᠦ ᠲᠤᠰᠬᠠᠶ ᠱᠤᠭᠤᠮ ᠤᠨ ᠡᠩᠬᠡ ᠲᠠᠶᠢᠪᠤᠩ ᠬᠡᠷ ᠪᠠᠶᠢᠰᠢᠩ ᠤᠨ ᠲᠣᠭᠤᠷᠢᠭ ᠵᠡᠷᠭᠡ ᠣᠷᠣᠨ ᠪᠦᠰᠡ ᠶᠢᠨ | ᠣᠯᠠᠨ ᠡᠬᠢᠳᠤ ᠪᠣᠬᠢᠷᠲᠤᠯ ᠢ ᠵᠠᠰᠠᠬᠤ ᠶᠢ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠬᠠᠴᠢᠨ ᠦᠨᠦᠷ ᠢ | ᠵᠠᠰᠠᠬᠤ ᠶᠢ ᠭᠦᠨᠵᠡᠭᠡᠶ ᠠᠬᠢᠭᠤᠯᠵᠤ᠂ ᠬᠡᠦᠷᠰᠢᠭᠦᠯᠬᠦ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠤᠨ ᠭᠠᠷ ᠤᠷᠠᠯᠠᠯ ᠤᠨ | ᠲᠥᠬᠦᠭᠡᠷᠦᠮᠵᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠶᠢ ᠳᠡᠮᠵᠢᠵᠦ᠂ ᠠᠷᠢᠭᠤᠨ ᠴᠡᠪᠡᠷ | ᠦᠢᠯᠡᠳᠪᠦᠷᠢᠯᠡᠯ ᠢ ᠠᠬᠢᠭᠤᠯᠤᠨ᠎ᠠ᠃ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠴᠢᠩᠭᠠᠷᠠᠭᠤᠯᠤᠨ᠂ ᠪᠣᠬᠢᠷᠲᠤᠯ ᠥᠬᠡᠶ ᠠᠭᠤᠷᠬᠠᠶ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ | ᠭᠦᠨᠵᠡᠭᠡᠶ ᠠᠬᠢᠭᠤᠯᠵᠤ᠂ ᠭᠠᠯ ᠤᠨ ᠴᠡᠭ ᠢ ᠬᠥᠳᠡᠯᠦᠩᠭᠦᠶ ᠪᠠᠷ ᠴᠡᠪᠡᠷᠯᠡᠨ ᠠᠷᠢᠯᠭᠠᠬᠤ᠂ ᠰᠢᠷᠣᠶ ᠭᠠᠳᠠᠭᠰᠢᠯᠠᠭᠤᠯᠬᠤ | ᠲᠠᠯᠠᠪᠠᠶ ᠶᠢ ᠴᠡᠭᠴᠡᠯᠡᠨ ᠵᠠᠰᠠᠬᠤ᠂ ᠦᠢᠯᠡᠳᠪᠦᠷᠢᠯᠡᠯ ᠤᠨ ᠠᠵᠢᠯᠯᠠᠭᠠᠨ ᠤ ᠪᠥᠬᠦ ᠶᠠᠪᠤᠴᠠ ᠳᠤ ᠲᠣᠭᠤᠰᠣ ᠡᠵᠡᠮᠳᠡᠬᠦ ᠶᠢ | ᠭᠤᠤᠯᠳᠠᠯᠭ᠎ᠠ ᠲᠠᠢ ᠰᠠᠶᠢᠲᠤᠷ ᠠᠳᠬᠤᠵᠤ᠂ ᠠᠭᠤᠷᠬᠠᠶ ᠶᠢᠨ ᠣᠷᠣᠨ ᠤ ᠳᠡᠭᠳᠡᠮᠡᠯ ᠲᠣᠭᠤᠰᠣ ᠰᠢᠷᠣᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠠᠭᠤᠷᠬᠠᠶ ᠶᠢᠨ ᠣᠷᠣᠨ ᠤ ᠣᠷᠴᠢᠨ | ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠡᠷᠴᠢᠮ ᠢ ᠬᠠᠲᠤᠨ ᠭᠤᠤᠯ ᠤᠨ ᠡᠷᠭᠢ ᠳᠠᠭᠠᠤ ᠶᠢᠨ ᠪᠣᠬᠢᠷᠲᠤᠯ ᠤᠨ ᠡᠬᠢ ᠶᠢ ᠵᠢᠭᠰᠠᠭᠠᠨ ᠪᠠᠶᠢᠴᠠᠭᠠᠵᠤ ᠵᠠᠰᠠᠬᠤ ᠶᠢ | ᠴᠢᠩᠭᠠᠳᠬᠠᠵᠤ᠂ ᠭᠤᠤᠯ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠲᠠ ᠶᠢᠨ | ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠰᠢᠢᠳᠪᠦᠷᠢᠯᠡᠬᠦ ᠶᠢ ᠨᠢᠭᠡ | ᠴᠤᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠤᠰᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ | ᠰᠠᠶᠢᠵᠢᠷᠠᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠰᠠᠶᠢᠲᠤᠷ ᠬᠢᠵᠦ | ᠂ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠴᠢᠨᠠᠷ ᠤᠨ ᠠᠶᠤᠯᠭᠦᠶ ᠶᠢ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠠᠶᠤᠩᠭ᠎ᠠ ᠴᠢᠯᠠᠭᠤ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠯᠠᠨ ᠢ | ᠠᠮᠢᠳᠤᠷᠠᠯ ᠤᠨ ᠬᠤᠭ ᠨᠣᠪᠰᠢ ᠪᠠᠷ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠲᠠᠭᠤᠨ ᠠᠵᠢᠯᠯᠠᠭᠠᠨ ᠢ | ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠦᠨᠳᠦ ᠲᠡᠮᠦᠷᠯᠢᠭ ᠲᠤ ᠬᠤᠯᠪᠣᠭᠳᠠᠬᠤ ᠵᠦᠢᠯᠡᠰ ᠲᠤ ᠣᠷᠣᠬᠤ ᠵᠥᠪᠰᠢᠶᠡᠷᠡᠯ ᠤᠨ | ᠪᠣᠭᠤᠮᠲᠠ ᠶᠢ ᠴᠢᠩᠭ᠎ᠠ ᠠᠳᠬᠤᠵᠤ᠂ ᠠᠶᠤᠯᠲᠠᠶ ᠬᠠᠶᠠᠭᠳᠠᠮᠠᠯ ᠪᠣᠳᠠᠰ ᠢ ᠰᠢᠯᠵᠢᠭᠦᠯᠬᠦ ᠬᠤᠯᠪᠣᠭᠠᠯᠠᠭᠰᠠᠨ | ᠬᠠᠭᠤᠳᠠᠰᠤ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ | ᠴᠢᠨᠠᠷ ᠢ ᠯᠠᠪᠳᠠᠭᠤᠨ ᠢᠶᠠᠷ ᠰᠠᠶᠢᠵᠢᠷᠠᠭᠤᠯᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠪᠥᠬᠦ ᠵᠢᠯ ᠳᠤ 37 ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠠᠵᠤ ᠦᠢᠯᠡᠰ ᠤᠨ ᠰᠢᠯᠵᠢᠯᠲᠡ ᠶᠢᠨ | ᠵᠦᠢᠯᠡᠰ ᠤᠨ ᠬᠥᠮᠥᠷᠭᠡ ᠶᠢ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠠᠵᠤ | ᠦᠢᠯᠡᠰ ᠤᠨ ᠬᠡᠯᠬᠢᠶ᠎ᠡ ᠳᠤᠲᠠᠭᠳᠠᠬᠤ᠂ ᠲᠡᠰ ᠳᠡᠪᠰᠢᠬᠦ ᠵᠦᠢᠯᠡᠰ᠂ ᠢᠯᠠᠩᠭᠤᠶ᠎ᠠ ᠪᠦᠬᠦᠯᠢ ᠴᠣᠭᠴᠠ ᠪᠠᠷ ᠨᠢ | ᠰᠢᠯᠵᠢᠭᠦᠯᠬᠦ᠂ ᠬᠠᠮᠵᠢᠯᠴᠠᠨ ᠰᠢᠯᠵᠢᠭᠦᠯᠬᠦ ᠵᠦᠢᠯᠡᠰ ᠢ ᠶᠡᠭᠡ ᠪᠠᠷ ᠣᠷᠣᠭᠤᠯᠤᠨ ᠠᠪᠴᠢᠷᠠᠵᠤ᠂ ᠵᠧᠵᠢᠶᠠᠩ ᠤᠨ | ᠨᠠᠷᠢᠯᠢᠭ ᠡᠮ ᠡᠮᠨᠡᠯᠭᠡ ᠶᠢᠨ ᠲᠦᠭᠦᠬᠡᠶ ᠮᠠᠲ᠋ᠧᠷᠢᠶᠠᠯ ᠡᠮ ᠵᠡᠷᠭᠡ 7 ᠵᠦᠢᠯᠡᠰ ᠢ ᠡᠷᠲᠡᠬᠡᠨ ᠨᠠᠶᠢᠳᠠᠪᠤᠷᠢᠵᠢᠭᠤᠯᠬᠤ ᠶᠢ | ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠭᠤᠤᠯᠯᠠᠬᠤ ᠠᠵᠤ ᠦᠢᠯᠡᠰ ᠤᠨ ᠳᠠᠪᠠᠭᠤᠯᠢᠭ ᠢ ᠲᠠᠰᠤᠷᠠᠯᠲᠠ ᠥᠬᠡᠶ | ᠪᠠᠬᠢᠵᠢᠭᠦᠯᠵᠦ᠂ ᠳ᠋ᠦᠩ ᠶᠤᠸᠠᠨ ᠤ 10 ᠲᠦᠮᠡᠨ ᠲᠣᠨ γ — ᠪᠥᠲ᠋ᠢᠨ᠋ᠸᠢ ᠡᠰᠲ᠋ᠧᠷ᠂ 20 ᠲᠦᠮᠡᠨ ᠲᠣᠨ | BDO᠂ 20 ᠲᠦᠮᠡᠨ ᠲᠣᠨ PBS ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | 60 ᠲᠦᠮᠡᠨ ᠲᠣᠨ ᠣᠷᠭᠠᠨᠢᠭ ᠴᠠᠬᠢᠭᠤᠷ ᠤᠨ ᠲᠠᠩ ᠪᠡᠶᠡᠲᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠬᠥᠭᠵᠢᠭᠦᠯᠵᠦ᠂ ᠾᠧᠩ ᠶᠧ ᠴᠧᠩ ᠤᠨ 5 ᠲᠦᠮᠡᠨ ᠲᠣᠨ ᠣᠷᠭᠠᠨᠢᠭ ᠴᠠᠬᠢᠭᠤᠷ ᠤᠨ ᠲᠥᠷᠥᠯ | ᠵᠦᠢᠯ ᠢ ᠦᠷᠭᠦᠯᠵᠢᠯᠡᠨ ᠪᠠᠶᠢᠭᠤᠯᠬᠤ ᠶᠢ ᠵᠣᠷᠢᠭᠵᠢᠭᠤᠯᠵᠤ᠂ ᠳᠣᠤᠷᠠᠳᠤ ᠤᠷᠤᠰᠬᠠᠯ ᠤᠨ ᠰᠢᠨ᠎ᠡ ᠮᠠᠲ᠋ᠧᠷᠢᠶᠠᠯ ᠪᠠ | ᠬᠡᠯᠬᠢᠶᠡᠰᠦ ᠶᠢ ᠤᠷᠲᠤᠳᠬᠠᠨ ᠨᠥᠬᠦᠪᠥᠷᠢᠯᠡᠬᠦ ᠲᠥᠷᠥᠯ ᠵᠦᠢᠯ ᠢ ᠤᠷᠲᠤᠳᠬᠠᠨ ᠬᠥᠭᠵᠢᠭᠦᠯᠦᠨ᠎ᠡ᠃ ︽ᠠᠵᠤ | ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ︾ ᠶᠢᠨ ᠠᠭᠤᠰᠤᠯᠴᠠᠯ ᠢ ᠭᠦᠨᠵᠡᠭᠡᠶ ᠠᠬᠢᠭᠤᠯᠵᠤ᠂ ᠭᠤᠤᠯᠯᠠᠭᠴᠢ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠥᠬᠦᠭᠡᠷᠦᠮᠵᠢ ᠶᠢ ᠰᠢᠨᠡᠳᠬᠡᠬᠦ᠂ ᠮᠡᠷᠭᠡᠵᠢᠯ ᠤᠨ ᠥᠭᠡᠷᠡᠴᠢᠯᠡᠯᠲᠡ | ᠬᠢᠬᠦ ᠪᠠ ᠤᠷᠠᠯᠠᠯ ᠢ ᠲᠠᠰ ᠳᠡᠪᠰᠢᠭᠦᠯᠬᠦ ᠶᠢ ᠬᠡᠷᠡᠭᠵᠢᠭᠦᠯᠵᠦ᠂ ᠳ᠋ᠦᠩ ᠶᠤᠸᠠᠨ᠂ ᠢ ᠬᠤᠸᠠ ᠵᠡᠷᠭᠡ 4 ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ | ᠪᠦᠯᠦᠭ ᠠᠦ᠋ᠲ᠋ᠣᠴᠢᠯᠠᠭᠰᠠᠨ ᠤᠶᠤᠨᠲᠤ ᠦᠢᠯᠡᠳᠪᠦᠷᠢ ᠶᠢᠨ ᠲᠠᠰᠤᠭ ᠢ ᠪᠠᠶᠢᠭᠤᠯᠤᠨ᠎ᠠ᠃ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠢ ᠰᠢᠯᠢᠳᠡᠭᠵᠢᠭᠦᠯᠵᠦ᠂ ᠶᠦᠩ ᠬᠤᠩ ᠡᠮ ᠡᠮᠨᠡᠯᠭᠡ ᠶᠢᠨ ᠲᠦᠭᠦᠬᠡᠢ | ᠮᠠᠲ᠋ᠧᠷᠢᠶᠡᠯ ᠤᠨ ᠡᠮ᠂ ᠶᠢᠩ ᠯᠠᠢ ᠰᠢᠨ᠎ᠡ ᠮᠠᠲ᠋ᠧᠷᠢᠶᠡᠯ ᠤᠨ ᠬᠤᠶᠠᠳᠤᠭᠠᠷ ᠬᠤᠭᠤᠴᠠᠭ᠎ᠠ ᠵᠡᠷᠭᠡ 17 ᠰᠢᠨ᠎ᠡ ᠪᠠᠷ | ᠪᠠᠶᠢᠭᠤᠯᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠵᠢᠶᠠᠩ ᠵᠧᠩ ᠣᠷᠭᠠᠨᠢᠭ | ᠠᠯᠺᠣᠣᠯ ᠤᠨ ᠮᠧᠲ᠋ᠢᠯ ᠪᠦᠯᠦᠭ ᠤᠨ ᠪᠢᠲᠡᠭᠦᠮᠵᠢᠯᠡᠯ᠂ ᠪᠧᠢ ᠵᠢᠶᠧ ᠲᠧ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠨ᠎ᠡ ᠮᠠᠲᠧᠷᠢᠶᠠᠯ ᠵᠡᠷᠭᠡ 7 ᠦᠷᠭᠦᠯᠵᠢᠯᠡᠨ ᠪᠠᠶᠢᠭᠤᠯᠬᠤ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠤᠯᠠᠨ | ᠲᠦᠮᠡᠨ ᠲᠠᠢ ᠬᠤᠯᠪᠣᠭᠠᠯᠠᠭᠰᠠᠨ ᠡᠮ ᠡᠮᠨᠡᠯᠭᠡ ᠶᠢᠨ ᠲᠠᠷᠢᠶᠠᠨ ᠡᠮ ᠤᠨ ᠵᠠᠪᠰᠠᠷ ᠤᠨ ᠴᠣᠭᠴᠠ᠂ ᠢ ᠳ᠋ᠡ ᠡᠾᠯᠤᠷᠳᠤ | ᠹᠧᠨᠤᠯ ᠵᠡᠷᠭᠡ 8 ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠳᠡᠭᠡᠳᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ | ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠦᠨᠡᠨᠴᠢ ᠢᠲᠡᠭᠡᠮᠵᠢ ᠶᠢᠨ ᠡᠮᠴᠢᠯᠡᠭᠡᠨ ᠤ ᠲᠣᠨᠤᠭ | ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠠᠬᠢᠭᠤᠯᠵᠤ᠂ ᠶᠢᠨ | ᠯᠦᠩ ᠰᠢᠨ᠎ᠡ ᠡᠨᠧᠷᠭᠢ ᠶᠢᠨ ᠰᠤᠷᠪᠤᠯᠵᠢ ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠯᠠᠨ ᠰᠢᠨ ᠠᠵᠤ | ᠦᠢᠯᠡᠳᠪᠦᠷᠢ ᠶᠢᠨ ᠮᠠᠰᠢᠨ ᠬᠥᠮᠦᠨ ᠵᠡᠷᠭᠡ ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ | ᠲᠦᠷᠭᠡᠳᠬᠡᠨ᠎ᠡ᠃ | ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠪᠦᠲᠦᠮᠵᠢᠲᠡᠶ ᠬᠥᠭᠵᠢᠭᠡᠨ᠎ᠡ᠃ ᠰᠢᠨ᠎ᠡ ᠶᠢ ᠡᠭᠦᠳᠬᠦ ᠪᠠᠷ | ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠬᠦᠴᠦᠨ ᠨᠡᠮᠡᠷᠢᠯᠡᠵᠦ᠂ | ᠰᠢᠨ᠎ᠡ ᠬᠥᠳᠡᠯᠭᠡᠭᠴᠢ ᠡᠨᠧᠷᠭᠢ ᠶᠢ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠪᠠᠷ ᠲᠡᠳᠬᠦᠨ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠶᠢ | ᠡᠭᠦᠳᠬᠦ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ | ᠲᠥᠪᠯᠡᠷᠡᠭᠦᠯᠦᠨ ᠬᠠᠷᠠᠭᠠᠯᠵᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ | ᠴᠢᠨᠠᠷ ᠰᠠᠶᠢᠲᠠᠶ ᠬᠥᠷᠥᠩᠭᠡ᠂ ᠲᠡᠷᠢᠭᠦᠨ ᠤ ᠮᠡᠷᠭᠡᠵᠢᠯ ᠢ ᠲᠦᠷᠭᠡᠳᠬᠡᠨ ᠲᠥᠪᠯᠡᠷᠡᠭᠦᠯᠬᠦ ᠶᠢ ᠪᠡᠶᠡᠯᠡᠭᠦᠯᠦᠨ᠎ᠡ᠃ | ᠳᠠᠭᠠᠭᠤᠯᠤᠭᠴᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠪᠠᠶᠢᠭᠤᠯᠬᠤ ᠶᠢ ᠳᠡᠮᠵᠢᠵᠦ᠂ ᠴᠢᠬᠤᠯᠠ ᠶᠡᠭᠡ ᠰᠢᠨ᠎ᠡ ᠶᠢ ᠡᠭᠦᠳᠬᠦ ᠦᠢᠯᠡᠳᠬᠦᠨ ᠪᠠ ᠵᠠᠩᠭᠢᠯᠠᠭ᠎ᠠ ᠶᠢᠨ | ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ ᠥᠷᠨᠢᠭᠦᠯᠵᠦ᠂ ᠠᠵᠤ ᠦᠢᠯᠡᠰ ᠤᠨ | ᠬᠡᠯᠬᠢᠶ᠎ᠡ ᠶᠢᠨ ᠡᠯ᠎ᠡ ᠵᠠᠩᠭᠢᠯᠠᠭ᠎ᠠ ᠶᠢᠨ ᠨᠡᠮᠡᠯᠲᠡ ᠥᠷᠲᠡᠭ ᠢ ᠬᠦᠴᠦᠯᠡᠨ ᠳᠡᠭᠡᠭᠰᠢᠯᠡᠭᠦᠯᠦᠨ᠎ᠡ᠃ ᠰᠤᠳᠤᠯᠤᠨ ᠨᠡᠭᠡᠭᠡᠬᠦ | ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠳ᠋ᠦᠩ ᠬᠤᠸᠠ — ᠳ᠋ᠦᠩ ᠶᠤᠸᠠᠨ ᠳᠡᠭᠡᠳᠦ | ᠴᠢᠳᠠᠮᠵᠢᠳᠤ ᠰᠢᠷᠬᠡᠭᠯᠢᠭ ᠤᠨ ᠰᠤᠳᠤᠯᠤᠨ ᠨᠡᠭᠡᠭᠡᠬᠦ ᠲᠥᠪ ᠢ ᠲᠦᠷᠭᠡᠳᠬᠡᠨ ᠪᠠᠶᠢᠭᠤᠯᠵᠤ᠂ ︽ᠢᠯᠡ ᠲᠣᠳᠣ | ᠲᠣᠭᠠᠴᠢᠯᠠᠭᠰᠠᠨ ᠠᠭᠤᠷᠬᠠᠶ︾ ᠶᠢᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠬᠦᠴᠦ ᠪᠠᠨ ᠲᠥᠪᠯᠡᠷᠡᠭᠦᠯᠦᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠶᠡᠬᠡᠪᠡᠷ ᠪᠤᠶᠢᠵᠢᠭᠤᠯᠤᠨ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 2 ᠰᠢᠨ᠎ᠡ ᠪᠠᠷ ᠨᠡᠮᠡᠭᠳᠡᠭᠦᠯᠵᠦ᠂ ᠢ ᠳ᠋ᠡ᠂ ᠯᠢᠶᠠᠨ ᠴᠢᠶᠦ᠋ᠨ᠂ ᠳᠤᠮᠳᠠᠳᠤ ᠰᠸᠢᠰ ᠢ ᠬᠥᠲᠥᠯᠦᠨ | ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠲᠥᠪ ᠪᠣᠯᠭᠠᠨ ᠪᠠᠶᠢᠭᠤᠯᠵᠤ᠂ ᠵᠢᠶᠦ᠋ᠨ ᠵᠧᠩ᠂ ᠳ᠋ᠦᠩ ᠶᠤᠸᠠᠨ᠂ ᠾᠧᠩ ᠶᠧ ᠴᠧᠩ ᠵᠡᠷᠭᠡ ᠠᠵᠤ ᠠᠬᠤᠶᠢᠯᠠᠯ ᠤᠨ | ᠮᠡᠷᠭᠡᠵᠢᠯ ᠤᠨ ᠥᠮᠴᠢᠯᠡᠬᠦ ᠡᠷᠬᠡ ᠶᠢ ᠭᠠᠳᠠᠭᠰᠢ ᠭᠠᠷᠭᠠᠬᠤ ᠶᠢ ᠠᠬᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠳᠠᠪᠠᠭᠤᠯᠢᠭ ᠠᠵᠤ | ᠠᠬᠤᠶᠢᠯᠠᠯ ᠤᠨ ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠬᠦ ᠶᠢ ᠬᠥᠲᠥᠯᠥᠨ ᠵᠢᠯᠣᠭᠤᠳᠴᠤ᠂ | ᠬᠤᠳᠠᠯᠳᠤᠭᠠᠨ ᠤ ᠵᠠᠭᠪᠤᠷ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ | ᠳᠣᠲᠣᠭᠠᠳᠤ ᠶᠢᠨ ᠥᠪᠡᠷ ᠤᠨ ᠦᠷᠳᠡᠭ ᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠵᠦ᠂ ᠲᠠᠯᠳᠠ ᠬᠦᠴᠦᠨ ᠢ | ᠭᠦᠨᠵᠡᠭᠡᠶ ᠠᠭᠤᠳᠠᠯᠤᠨ ᠦᠷ᠎ᠡ ᠠᠰᠢᠭ ᠢ ᠨᠡᠮᠡᠭᠳᠡᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠨᠠᠨᠵᠢᠩ ᠤᠨ ᠨᠡᠶᠢᠯᠡᠯ ᠠᠷᠠᠯᠵᠢᠶ᠎ᠠ ᠨᠡᠪᠲᠡᠷᠡᠯᠭᠡ ᠶᠢᠨ ᠶᠡᠭᠡ ᠬᠡᠮᠵᠢᠶᠡᠨ ᠤ ᠲᠠᠸᠠᠷ ᠤᠨ ᠡᠯᠧᠺᠲᠷᠣᠨ | ᠠᠷᠠᠯᠵᠢᠶᠠᠨ ᠤ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠠᠷᠠᠭᠤᠨ | ᠬᠤᠶᠢᠲᠤ ᠶᠢᠨ ᠬᠢᠮᠢ ᠶᠢᠨ ᠲᠣᠤᠷ ᠤᠨ ᠵᠠᠬ᠎ᠠ ᠳᠡᠯᠭᠡᠭᠦᠷ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠬᠦᠴᠦᠨ | ᠨᠡᠮᠡᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠭᠦᠨ ᠬᠠᠩᠭᠠᠬᠤ᠂ ᠪᠣᠷᠣᠯᠠᠭᠤᠯᠬᠤ ᠪᠠ | ᠲᠡᠭᠡᠭᠡᠪᠦᠷᠢᠯᠡᠬᠦ ᠠᠷᠭ᠎ᠠ ᠵᠠᠮ ᠢ ᠨᠡᠪᠲᠡᠷᠡᠭᠦᠯᠦᠨ᠎ᠡ᠃ ᠹᠸᠢ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠲᠠᠪᠴᠠᠩ ᠬᠢᠭᠡᠳ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠲᠣᠮᠣ ᠳ᠋ᠠᠶᠢᠲ᠋ᠠ ᠶᠢ | ᠬᠡᠷᠡᠭᠯᠡᠨ ᠠᠵᠤ ᠠᠬᠤᠶᠢᠯᠠᠯ ᠤᠨ ᠲᠥᠬᠦᠭᠡᠷᠦᠮᠵᠢ᠂ ᠦᠢᠯᠡᠳᠪᠦᠷᠢᠯᠡᠯ ᠡᠵᠡᠩᠨᠡᠯᠲᠡ᠂ ᠠᠮᠤᠷ ᠲᠦᠪᠰᠢᠨ ᠣᠷᠴᠢᠨ | ᠠᠬᠤᠶ ᠶᠢᠨ ᠬᠠᠮᠠᠭᠠᠯᠠᠯᠲᠠ ᠶᠢ ᠤᠶᠤᠨᠴᠢᠯᠠᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠨ᠎ᠡ᠃ ᠣᠲᠣ ᠦᠶ᠎ᠡ ᠶᠢᠨ | ᠤᠶᠤᠨᠲᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠲᠥᠯᠥᠪᠵᠢᠭᠦᠯᠦᠨ ᠪᠥᠲᠥᠭᠡᠨ | ᠪᠠᠶᠢᠭᠤᠯᠵᠤ᠂ ᠬᠠᠶ ᠢ ᠲᠦᠩ ᠪᠠᠷᠠᠭᠠᠨ ᠤ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠳᠡᠮᠵᠢᠵᠦ᠂ ᠮᠧᠢ ᠳ᠋ᠥᠸᠧ ᠳ᠋ᠥᠸᠧ ᠤᠶᠤᠨᠲᠤ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠢ ᠥᠨᠳᠥᠷ ᠪᠦᠲᠦᠮᠵᠢᠲᠡᠶ ᠪᠠᠷ ︽ᠢᠨᠲ᠋ᠧᠷ ᠰᠦᠯᠵᠢᠶ᠎ᠡ + ᠤᠯᠠᠨ ᠨᠡᠶᠢᠲᠡ ᠶᠢᠨ | ᠦᠢᠯᠡᠴᠢᠯᠡᠭᠡ︾ ᠶᠢᠨ ᠵᠠᠭᠪᠤᠷ ᠢ ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ᠂ ᠣᠷᠴᠢᠨ ᠠᠬᠤᠶ ᠶᠢᠨ | ᠬᠠᠮᠠᠭᠠᠯᠠᠯᠲᠠ ᠵᠡᠷᠭᠡ ᠢᠨᠲ᠋ᠧᠷ ᠰᠦᠯᠵᠢᠶᠡᠨ ᠤ ᠲᠠᠪᠴᠠᠩ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢ | ᠤᠶᠤᠨᠴᠢᠯᠠᠬᠤ᠂ ᠦᠢᠯᠡᠴᠢᠯᠡᠭᠡ ᠶᠢ ᠴᠢᠨᠠᠷᠵᠢᠭᠤᠯᠬᠤ ᠶᠢ ᠲᠦᠯᠬᠢᠨ ᠠᠬᠢᠭᠤᠯᠤᠨ᠎ᠠ᠃ ᠠᠩᠬᠠᠨ ᠤ ᠳᠡᠯᠭᠡᠭᠦᠷ ᠤᠨ | ᠠᠵᠤ ᠠᠬᠤᠶ᠂ ᠰᠦᠯᠵᠢᠶᠡᠨ ᠣᠳᠤᠨ ᠠᠵᠤ ᠠᠬᠤᠶ᠂ ᠰᠥᠨᠢ ᠶᠢᠨ ᠠᠵᠤ ᠠᠬᠤᠶ ᠵᠡᠷᠭᠡ ᠰᠢᠨ᠎ᠡ ᠬᠡᠪ ᠵᠠᠭᠪᠤᠷ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠂ ᠬᠡᠷ ᠤᠨ ᠶᠠᠪᠤᠳᠠᠯ᠂ ᠠᠳᠠᠯ ᠠᠬᠤᠶ ᠵᠡᠷᠭᠡ ᠠᠮᠢᠳᠤᠷᠠᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠦᠬᠠᠶ ᠨᠠᠭᠤᠷ ᠤᠨ | ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠢ ᠡᠬᠢᠯᠡᠭᠦᠯᠵᠦ᠂ ᠤᠯᠠᠭᠠᠨᠨᠠᠭᠤᠷ ᠮᠠᠢ ᠵᠢᠢ TV | ᠵᠢᠵᠢᠭ ᠪᠠᠯᠭᠠᠰᠤ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠰᠢᠨ᠎ᠡ ᠰᠣᠷᠭᠤᠭ ᠢᠳᠡᠭᠡᠨ ᠲᠡᠭᠦᠬᠦ᠂ | ᠰᠡᠯᠡᠭᠦᠴᠡᠨ ᠵᠤᠭᠠᠴᠠᠬᠤ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠣᠮᠣ ᠬᠡᠯᠪᠡᠷᠢ ᠶᠢᠨ ᠭᠤᠤᠯ ᠰᠡᠳᠦᠪᠲᠦ ᠰᠣᠶᠣᠯ ᠤᠨ ᠵᠢᠭᠤᠯᠴᠢᠯᠠᠯ ᠤᠨ | ᠠᠵᠢᠯᠯᠠᠭ᠎ᠠ ᠶᠢ ᠴᠢᠨᠠᠷ ᠰᠠᠶᠢᠲᠠᠶ ᠰᠠᠶᠢᠲᠤᠷ ᠡᠷᠭᠢᠯᠡᠵᠦ᠂ ᠣᠷᠣᠨ ᠪᠦᠰᠡ ᠶᠢᠨ ᠵᠢᠭᠤᠯᠴᠢᠯᠠᠯ ᠤᠨ ᠨᠥᠯᠥᠭᠡᠯᠡᠬᠦ | ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠰᠧᠨ ᠲᠠᠢ᠂ | ᠷᠦᠨ ᠲᠠᠢ ᠲᠠᠷᠢᠶᠠᠯᠠᠩ ᠤᠨ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠲᠥᠬᠦᠭᠡᠷᠦᠮᠵᠢᠲᠦ ᠦᠵᠦᠮ ᠳᠠᠷᠢᠬᠤ ᠲᠥᠷᠥᠯ ᠵᠦᠢᠯ ᠢ ᠬᠡᠷᠡᠭᠵᠢᠭᠦᠯᠦᠨ᠂ ᠵᠢᠢ ᠣᠣ ᠨᠢ ᠶᠠᠰᠤ | ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠠᠬᠢᠭᠤᠯᠵᠤ᠂ ᠢᠦᠢ ᠬᠤᠣ᠂ ᠶᠦᠨ ᠹᠸᠢ ᠵᠡᠷᠭᠡ ᠲᠠᠷᠢᠶᠠᠯᠠᠩ ᠤᠨ | ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠣᠷᠣᠨ ᠪᠦᠰᠡ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠦᠨ᠎ᠡ᠃ ᠬᠦᠴᠢᠷᠳᠡᠯ ᠲᠠᠢ ᠤᠯᠠᠨ ᠲᠦᠮᠡᠨ ᠢ ᠬᠥᠳᠡᠯᠦᠩᠭᠦᠶ ᠪᠠᠷ | ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠭ᠎ᠠ ᠶᠢ ᠭᠦᠨᠵᠡᠭᠡᠶᠢᠷᠡᠭᠦᠯᠦᠨ᠂ ᠨᠣᠭᠤᠭᠠᠨ ᠲᠠᠷᠢᠶᠠᠴᠢᠨ ᠶᠦᠩ ᠱᠧᠩ᠂ ᠮᠧᠢ ᠽᠧ ᠵᠡᠷᠭᠡ | ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠤ ᠠᠬᠤᠶᠢᠯᠠᠯ ᠪᠠ ᠬᠠᠮᠲᠤ ᠶᠢᠨ ᠠᠵᠤ ᠠᠬᠤᠶ ᠶᠢᠨ ᠲᠠᠪᠴᠠᠩ ᠤᠨ | ᠬᠥᠭᠵᠢᠨ ᠪᠤᠵᠠᠭᠠᠢᠢᠷᠠᠬᠤ ᠶᠢ ᠲᠡᠮᠵᠢᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠬᠤ ᠶᠢ ᠰᠠᠶᠢᠲᠤᠷ ᠬᠢᠨ᠎ᠠ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠤᠯᠤᠰ | ᠲᠦᠷᠦ ᠶᠢ ᠡᠷᠬᠢᠮᠯᠡᠬᠦ ᠦᠨᠳᠦᠷᠴᠡ ᠠᠴᠠ ᠪᠦᠬᠦ ᠲᠤᠭᠤᠷᠢᠭ ᠤᠨ ᠬᠦᠴᠦᠨ ᠢ ᠳᠠᠶᠢᠴᠢᠯᠠᠨ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠪᠣᠭᠤᠮᠲᠠ ᠰᠢᠪᠲᠤᠯᠬᠤ ᠶᠢ ᠠᠬᠢᠭᠤᠯᠵᠤ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠲᠤᠭᠤᠷᠢᠭ ᠤᠨ ᠭᠤᠣᠯᠳᠠᠯᠭ᠎ᠠ ᠲᠠᠢ ᠬᠦᠷᠢᠶ᠎ᠡ ᠪᠣᠯᠤᠨ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ | ᠦᠨᠡᠨᠬᠦ ᠥᠭᠡᠷᠡᠴᠢᠯᠡᠨ ᠪᠣᠳᠠᠲᠠᠢ ᠰᠠᠶᠢᠵᠢᠷᠠᠭᠤᠯᠵᠤ᠂ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ | ᠪᠠᠶᠢᠳᠠᠯ ᠢ ᠡᠭᠦᠳᠴᠦ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠣᠷᠴᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ | ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠴᠢᠬᠤᠯᠠ ᠶᠡᠭᠡ | ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠠᠵᠤ ᠠᠬᠤᠶᠢᠯᠠᠯ ᠨᠡᠪᠲᠡᠷᠡᠯᠴᠡᠬᠦ ᠸᠢᠴᠠᠲ ᠤᠨ ᠲᠠᠪᠴᠠᠩ ᠢ ᠪᠠᠶᠢᠭᠤᠯᠤᠨ᠂ ᠦᠢᠯᠡᠴᠢᠯᠡᠭᠡᠨ ᠤ ᠠᠵᠤ | ᠠᠬᠤᠶᠢᠯᠠᠯ ᠤᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠤᠨ | ᠣᠨᠴᠣᠭᠤᠶ ᠶᠠᠪᠤᠳᠠᠯ ᠢ ᠣᠨᠴᠣᠭᠤᠶ ᠭᠦᠢᠴᠡᠳᠭᠡᠬᠦ᠂ ᠪᠠᠴᠢᠮ ᠶᠠᠪᠤᠳᠠᠯ ᠢ ᠲᠦᠷᠭᠡᠨ ᠭᠦᠢᠴᠡᠳᠭᠡᠬᠦ ᠶᠢ ᠠᠬᠢᠭᠤᠯᠤᠨ᠎ᠠ | ᠃ ᠭᠠᠶᠢᠯᠢ ᠬᠥᠩᠭᠡᠯᠡᠵᠦ ᠰᠤᠶᠢᠳᠭᠡᠯ ᠪᠠᠭᠤᠷᠠᠭᠤᠯᠬᠤ᠂ ᠨᠥᠬᠦᠪᠥᠷᠢ ᠥᠭᠴᠦ ᠲᠡᠳᠬᠦᠬᠦ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠲᠤᠤᠱᠯᠠᠭᠤᠯᠵᠤ᠂ ︽ᠲᠥᠷᠥᠯ ᠵᠦᠢᠯ ᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ | ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠪᠠᠭᠤᠯᠭᠠᠬᠤ︾ ᠪᠠᠯᠠ ᠲᠣᠬᠢᠷᠠᠭᠤᠯᠭ᠎ᠠ ᠶᠢ | ᠵᠣᠯᠭᠠᠭᠤᠯᠬᠤ ᠲᠤᠰᠬᠠᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ | ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ ᠦᠨᠡᠨᠴᠢ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠮᠬᠢᠯᠡᠨ ᠵᠢᠷᠤᠮᠵᠢᠭᠤᠯᠵᠤ᠂ ᠬᠠᠤᠯᠢ ᠶᠣᠰᠣᠨ ᠤ | ᠲᠣᠭᠲᠠᠭᠠᠯ ᠳᠤ ᠨᠡᠶᠢᠴᠡᠬᠦ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ︽ᠳᠡᠯᠭᠡᠭᠦᠷ ᠤᠨ ᠪᠠᠭ᠎ᠠ ᠰᠤᠷᠭᠠᠭᠤᠯᠢ︾ | ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠦᠬᠦ | ᠲᠠᠯ᠎ᠠ ᠪᠠᠷ ᠶᠠᠪᠤᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠨ ᠰᠤᠳᠤᠯᠬᠤ ᠠᠵᠢᠯᠯᠠᠭ᠎ᠠ ᠶᠢ | ᠵᠢᠷᠤᠮᠵᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ + ᠠᠮᠠᠯᠠᠯᠲᠠ ᠶᠢᠨ ᠲᠦᠷᠢᠮ︾ ᠤᠨ ᠠᠵᠢᠯ ᠤᠨ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ︽ᠨᠢᠭᠡ ᠤᠴᠢᠷ ᠢ ᠬᠤᠯᠪᠣᠭᠠᠯᠠᠨ ᠭᠦᠢᠴᠡᠳᠭᠡᠬᠦ︾ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ︽ᠲᠣᠮᠣ ᠬᠦᠰᠦᠨᠦᠭᠲᠦ ᠪᠠᠷ ᠬᠢᠨᠠᠨ ᠵᠥᠪᠰᠢᠶᠡᠷᠡᠬᠦ | ᠲᠦᠷᠢᠮ︾ ᠤᠨ ᠥᠭᠡᠷᠡᠴᠢᠯᠡᠯᠲᠡ ᠶᠢ ᠲᠤᠷᠰᠢᠨ ᠬᠡᠷᠡᠭᠵᠢᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠥᠬᠦ ᠶᠠᠪᠤᠴᠠ ᠶᠢᠨ ᠴᠠᠭ ᠤᠨ ᠬᠢᠵᠠᠭᠠᠷ ᠢ ᠳᠠᠬᠢᠨ 10% ᠪᠠᠷ | ᠪᠠᠭᠠᠰᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠬᠠᠰᠤᠵᠤ᠂ ᠭᠤᠷᠪᠠᠨ ᠬᠠᠮᠤᠭ︾ ᠢ | ᠪᠡᠶᠡᠯᠡᠭᠦᠯᠦᠨ᠎ᠡ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠮᠦᠨ ᠤ ᠬᠦᠴᠦᠨ ᠤ ᠡᠬᠢ ᠪᠠᠶᠠᠯᠢᠭ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠵᠡᠷᠭᠡ ᠰᠠᠭᠤᠷᠢ ᠬᠦᠴᠦᠨ ᠵᠦᠢᠯ ᠢ ᠡᠮᠬᠢᠯᠡᠨ ᠨᠡᠶᠢᠯᠡᠭᠦᠯᠵᠦ᠂ ᠰᠢᠰᠲ᠋ᠧᠮᠵᠢ | ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠲᠤᠭ᠎ᠠ ᠪᠠᠷᠢᠮᠲᠠ ᠶᠢ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠦᠢᠯᠡᠴᠢᠯᠡᠭᠡ ᠶᠢ ᠬᠠᠮᠵᠢᠯᠴᠠᠨ ᠬᠠᠮᠲᠤᠪᠠᠷ ᠡᠳ᠋ᠯᠡᠬᠦ ᠶᠢ | ᠪᠡᠶᠡᠯᠡᠭᠦᠯᠦᠨ᠎ᠡ᠃ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ + | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠤᠯᠴᠠᠬᠤ︾ ᠶᠢ ᠶᠡᠬᠡᠪᠡᠷ ᠬᠡᠷᠡᠭᠵᠢᠭᠦᠯᠦᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠡᠷᠬᠡ ᠲᠡᠭᠰᠢ ᠲᠥᠪ ᠭᠤᠤᠯᠴᠢ ᠥᠷᠢᠰᠥᠯᠳᠦᠭᠡᠨ ᠤ ᠡᠮᠬᠢ ᠳᠢᠭᠯᠢᠮ ᠢ ᠦᠨᠡᠨᠬᠦ | ᠪᠠᠲᠤᠯᠠᠨ᠎ᠠ᠃ ᠵᠥᠪᠳᠡᠯᠴᠡᠨ ᠰᠤᠳᠤᠯᠤᠨ ᠮᠠᠭᠠᠳᠯᠠᠬᠤ ᠲᠣᠭᠲᠠᠴᠠ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ | ᠬᠤᠯᠪᠣᠭᠳᠠᠬᠤ ᠠᠰᠠᠭᠤᠳᠠᠯ ᠢ ᠬᠤᠭᠤᠴᠠᠭ᠎ᠠ ᠲᠣᠭᠲᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠠᠵᠤ | ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠪᠠ ᠬᠦᠴᠢᠷᠳᠡᠯ ᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠭᠦᠨᠵᠡᠭᠡᠶ ᠬᠡᠷᠡᠭᠵᠢᠭᠦᠯᠵᠦ | ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠭᠠᠨ ᠦᠨᠡᠯᠡᠬᠦ ᠶᠢ | ᠥᠷᠨᠢᠭᠦᠯᠦᠨ᠎ᠡ᠃ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ᠠᠳᠠᠯ ᠦᠢᠯᠡᠰ ᠴᠣᠭᠴᠠᠯᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ 5 ᠠᠳᠠᠯ ᠦᠢᠯᠡᠰ | ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠲᠤᠰᠬᠠᠶᠢᠵᠢᠭᠰᠠᠨ | ᠡᠵᠡᠩᠨᠡᠯᠲᠡ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ | ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ | ᠪᠣᠯᠪᠠᠰᠤᠷᠠᠭᠤᠯᠤᠯ︾ ᠢ ᠳᠡᠯᠭᠡᠷᠡᠭᠦᠯᠦᠨ᠂ ᠡᠯ᠎ᠡ ᠲᠥᠷᠥᠯ ᠤᠨ ᠠᠵᠤ ᠦᠢᠯᠡᠰ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠪᠠ ᠴᠢᠬᠤᠯᠠ ᠶᠡᠭᠡ ᠲᠥᠷᠥᠯ ᠵᠦᠢᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠠᠵᠤ ᠦᠢᠯᠡᠰ ᠤᠨ ᠠᠵᠢᠯᠴᠢᠨ ᠢ | ᠡᠯᠰᠡᠵᠦ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠬᠡᠷᠡᠭᠲᠡᠶ᠃ ᠬᠥᠭᠵᠢᠯᠲᠡ ᠶᠢᠨ | ᠳᠠᠭᠠᠭᠠᠴᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠴᠢᠨᠠᠷ ᠰᠠᠶᠢᠲᠠᠶ | ᠬᠥᠭᠵᠢᠯᠲᠡ ᠶᠢᠨ ᠦᠨᠡᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠮᠥ ᠪᠦᠷᠢ ᠶᠢᠨ | ᠳᠤᠮᠳᠠᠴᠢ ᠭᠠᠷᠤᠯᠲᠠ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠪᠠᠷ ᠤᠳᠤᠷᠢᠳᠤᠮᠵᠢ ᠪᠣᠯᠭᠠᠭᠰᠠᠨ ᠰᠢᠯᠭᠠᠨ | ᠬᠢᠨᠠᠬᠤ ᠲᠣᠭᠲᠠᠴᠠ ᠶᠢ ᠪᠦᠷᠢᠨᠰᠢᠬᠦᠯᠵᠦ᠂ ᠬᠢᠵᠠᠭᠠᠷᠲᠠᠶ ᠦᠢᠯᠡᠳᠪᠦᠷᠢᠯᠡᠯ ᠤᠨ ᠬᠦᠴᠦᠨ ᠵᠦᠢᠯ ᠤᠨ ᠭᠦᠢᠴᠡᠳᠭᠡᠯ | ᠲᠤᠭ᠎ᠠ ᠶᠢ ᠲᠥᠪ ᠭᠤᠤᠯᠴᠢ ᠥᠨᠳᠥᠷ ᠪᠦᠲᠦᠮᠵᠢᠲᠡᠶ ᠪᠠᠷ ᠳᠣᠭᠢᠷᠠᠭᠤᠯᠤᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠵᠤ᠂ ᠬᠦᠷᠢᠶᠡᠯᠡᠩ ᠲᠣᠭᠤᠷᠢᠭ ᠤᠨ | ᠵᠠᠬ᠎ᠠ ᠳᠡᠯᠭᠡᠭᠦᠷᠴᠢᠯᠡᠭᠰᠡᠨ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ | ᠰᠦᠪᠡᠭᠴᠢᠯᠡᠨ ᠪᠠᠶᠢᠭᠤᠯᠵᠤ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢ ᠴᠢᠩᠭᠠᠷᠠᠭᠤᠯᠤᠨ᠎ᠠ᠃ ᠳᠣᠲᠣᠭᠠᠳᠤ ᠳᠠᠭᠠᠨ ᠲᠠᠯᠳᠠ ᠬᠦᠴᠦᠨ ᠢ ᠠᠭᠤᠳᠠᠯᠬᠤ᠂ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠶᠢ ᠪᠠᠷᠢᠮᠲᠠᠯᠠᠨ᠂ ᠵᠦᠢᠯᠡᠰ ᠤᠨ ᠬᠡᠷᠡᠭᠯᠡᠬᠦ ᠤᠰᠤ ᠶᠢ ᠬᠢᠨᠠᠨ ᠪᠠᠶᠢᠴᠠᠭᠠᠵᠤ ᠬᠢᠨᠠᠨ | ᠵᠥᠪᠰᠢᠶᠡᠷᠡᠬᠦ ᠶᠢ ᠴᠢᠩᠳᠠᠯᠠᠵᠤ᠂ ᠤᠰᠤ ᠶᠡᠭᠡ ᠬᠤᠷᠣᠭᠳᠠᠭᠤᠯᠬᠤ ᠠᠵᠢᠯ ᠲᠦᠷᠦᠯ ᠤᠨ ᠤᠰᠤ ᠠᠷᠪᠢᠯᠠᠬᠤ | ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ | ᠮᠡᠷᠭᠡᠵᠢᠯ᠂ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠤᠮᠳᠠ ᠵᠡᠷᠭᠡ ᠶᠢᠨ ᠤᠰᠤᠨ ᠤ | ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ | ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠦᠨ᠎ᠡ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠵᠦᠢᠯᠡᠰ ᠲᠤ ᠣᠷᠣᠬᠤ ᠵᠥᠪᠰᠢᠶᠡᠷᠡᠯ ᠢ | ᠴᠢᠩᠳᠠᠯᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠦᠷᠦᠯ ᠤᠨ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠡᠦᠷᠡᠰᠦ᠂ ᠴᠠᠬᠢᠯᠠᠭᠤᠷ | ᠴᠢᠯᠠᠭᠤ᠂ ᠢᠯᠴᠢ ᠶᠢᠨ ᠴᠠᠬᠢᠯᠭᠠᠨ ᠵᠡᠷᠭᠡ ᠠᠵᠢᠯ ᠲᠦᠷᠦᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ | ᠲᠡᠷᠢᠭᠦᠨ ᠤ ᠮᠡᠷᠭᠡᠵᠢᠯ ᠢ ᠬᠡᠷᠡᠭᠯᠡᠬᠦ ᠶᠢ ᠲᠡᠮᠵᠢᠨ᠎ᠡ᠃ ᠳᠣᠣᠷ᠎ᠠ ᠲᠡᠰ ᠤᠨ ᠦᠷ᠎ᠡ ᠠᠰᠢᠭ ᠢᠶᠠᠷ ᠳᠣᠣᠷ᠎ᠠ | ᠦᠢᠯᠡᠳᠪᠦᠷᠢᠯᠡᠬᠦ ᠴᠢᠳᠠᠪᠤᠷᠢ ᠲᠠᠢ ᠠᠵᠤ ᠠᠬᠤᠶᠢᠯᠠᠯ ᠢ ᠬᠠᠭᠠᠵᠤ ᠵᠣᠭᠰᠣᠭᠠᠵᠤ᠂ ᠤᠬᠤᠷᠢᠭᠤᠯᠤᠨ ᠭᠠᠷᠭᠠᠵᠤ᠂ | 1300 ᠭᠠᠷᠤᠶ ᠮᠦ ᠳᠣᠣᠷ᠎ᠠ ᠠᠰᠢᠭᠯᠠᠮᠵᠢ ᠲᠠᠢ ᠭᠠᠵᠠᠷ ᠢ ᠡᠮᠬᠢᠯᠡᠨ ᠨᠡᠶᠢᠯᠡᠭᠦᠯᠵᠦ᠂ ᠴᠢᠬᠤᠯᠠ ᠶᠡᠭᠡ ᠵᠦᠢᠯᠡᠰ ᠲᠤ | ᠨᠡᠩ ᠤᠯᠠᠨ ᠬᠥᠭᠵᠢᠯᠲᠡ ᠶᠢᠨ ᠣᠷᠣᠨ ᠵᠠᠶ ᠶᠢ ᠰᠢᠯᠵᠢᠭᠦᠯᠦᠨ ᠥᠭᠪᠡ᠃ ᠡᠦ ᠬᠤ᠋ ᠱᠠᠨ ᠵᠠᠮ ᠤᠨ ᠪᠠᠷᠢᠮᠵᠢᠶ᠎ᠠ ᠶᠢ | ᠳᠡᠭᠡᠭᠰᠢᠯᠡᠭᠦᠯᠬᠦ ᠥᠭᠡᠷᠡᠴᠢᠯᠡᠯᠲᠡ ᠪᠠ ᠷᠦ᠋ ᠢ ᠵᠠᠮ᠂ ᠡᠨᠧᠷᠭᠢ ᠶᠢᠨ ᠰᠤᠷᠪᠤᠯᠵᠢ ᠶᠢᠨ ᠵᠠᠮ ᠤᠨ ᠭᠡᠷᠡᠯᠲᠦᠭᠦᠯᠭᠡ ᠶᠢᠨ | ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 17.7 ᠺᠢᠯᠣᠮᠧᠲᠷ ᠬᠤᠭᠤᠯᠠᠶ ᠶᠢᠨ ᠲᠣᠣᠷ ᠢ ᠳᠡᠪᠢᠰᠴᠦ᠂ ᠡᠩ ᠤᠨ | ᠪᠠᠷᠠᠭᠠᠨ ᠤ ᠬᠦᠨᠳᠦ ᠠᠴᠢᠶᠠᠨ ᠤ ᠲᠡᠷᠭᠡᠨ ᠵᠣᠭᠰᠣᠭᠠᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠪᠠ᠃ ᠤᠶᠤᠨᠲᠤ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠲᠥᠪ ᠢ ᠪᠠᠶᠢᠭᠤᠯᠤᠨ ᠪᠦᠲᠦᠭᠡᠵᠦ᠂ ᠤᠶᠤᠨᠲᠤ ᠬᠡᠷᠡᠭᠯᠡᠭᠡᠨ ᠤ ᠲᠠᠪᠴᠠᠩ᠂ ᠠᠵᠤ ᠠᠬᠤᠶᠢᠯᠠᠯ ᠤᠨ ᠦᠢᠯᠡᠴᠢᠯᠡᠭᠡᠨ ᠤ | ᠲᠠᠪᠴᠠᠩ ᠢ ᠣᠷᠣᠭᠤᠯᠤᠨ ᠬᠡᠷᠡᠭᠯᠡᠵᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠠᠵᠤ | ᠦᠢᠯᠡᠰ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ | ︵ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ | ᠶᠡᠷᠦᠩᠬᠡᠶᠢᠯᠡᠭᠰᠡᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ | ᠡᠳ᠋ ᠤᠨ ᠵᠠᠰᠠᠭ ᠬᠡᠳᠦᠢ ᠪᠠᠴᠢᠮ ᠪᠠᠶᠢᠭᠰᠠᠨ ᠴᠤ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠪᠠᠭᠠᠰᠬᠠᠵᠦ | ᠪᠣᠯᠬᠤ ᠦᠭᠡᠢ᠂ ᠳᠠᠷᠤᠯᠲᠠ ᠬᠡᠳᠦᠢ ᠶᠡᠭᠡ ᠪᠠᠶᠢᠭᠰᠠᠨ ᠴᠤ ᠠᠷᠠᠳ ᠤᠯᠠᠨ ᠤ ᠰᠡᠳᠬᠢᠯ ᠵᠣᠪᠠᠭ᠋ᠤ ᠶᠠᠪᠤᠳᠠᠯ᠂ ᠰᠡᠳᠬᠢᠯ | ᠵᠦᠳᠡᠭᠡᠬᠦ ᠶᠠᠪᠤᠳᠠᠯ᠂ ᠰᠡᠳᠬᠢᠯ ᠰᠢᠨᠠᠯᠭᠠᠬᠤ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠯᠠᠩ ᠹᠧᠩ ᠤᠨ ᠬᠤᠶᠠᠳᠤᠭᠠᠷ | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠢᠶᠠ ᠮᠢᠩ ᠶᠠ ᠶᠤᠸᠠᠨ᠂ ᠶᠢᠨ | ᠷᠦᠢ ᠵᠢᠶᠠ ᠶᠤᠸᠠᠨ 1043 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠪᠠᠶᠢᠭᠤᠯᠵᠤ ᠳᠠᠭᠤᠰᠬᠠᠨ᠎ᠠ᠃ | ᠶᠢᠨ ᠰᠢᠶᠠᠩ ᠵᠢᠶᠠ ᠶᠤᠸᠠᠨ᠂ ᠶᠦᠩ ᠴᠠᠩ ᠵᠢᠶᠠ ᠶᠤᠸᠠᠨ ᠵᠡᠷᠭᠡ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠬᠦ 3 ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠵᠣᠯ ᠵᠢᠷᠭᠠᠯᠲᠤ B ᠲᠣᠭᠤᠷᠢᠭ᠂ ᠵᠢᠩ ᠲᠠᠢ ᠵᠡᠷᠭᠡ 6 ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢ ᠠᠬᠢᠭᠤᠯᠤᠨ᠂ ᠪᠦᠯᠬᠦᠮᠳᠡᠯ᠂ ᠰᠢᠨ᠎ᠡ ᠴᠡᠴᠡᠷᠯᠢᠭ ᠵᠡᠷᠭᠡ 6 ᠬᠠᠭᠤᠴᠢᠨ ᠵᠢᠵᠢᠭ ᠲᠣᠭᠤᠷᠢᠭ ᠤᠨ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠶᠢᠨ | ᠲᠣᠭᠤᠷᠢᠭ ᠤᠨ ᠢᠯᠴᠢ ᠬᠠᠩᠭᠠᠬᠤ ᠢᠯᠴᠢ ᠶᠢᠨ ᠢᠷᠡᠯᠲᠡ ᠶᠢᠨ ᠴᠡᠭ ᠢ ᠰᠢᠨ᠎ᠡ ᠪᠠᠷ ᠨᠡᠮᠡᠭᠳᠡᠭᠦᠯᠵᠦ᠂ 10 ᠤᠰᠤᠨ | ᠵᠣᠷᠯᠣᠩ ᠢ ᠰᠢᠨ᠎ᠡ ᠪᠠᠷ ᠪᠠᠶᠢᠭᠤᠯᠵᠤ᠂ ᠡᠪᠳᠡᠷᠡᠵᠦ ᠰᠤᠶᠢᠳᠦᠭᠰᠡᠨ ᠵᠠᠮ ᠢ ᠲᠥᠪᠯᠡᠷᠡᠭᠦᠯᠦᠨ ᠰᠡᠯᠪᠢᠨ ᠵᠠᠰᠠᠵᠤ᠂ | ᠭᠤᠤᠯ ᠪᠣᠯᠬᠤ ᠵᠡᠭᠡᠯᠢ ᠭᠤᠳᠤᠮᠵᠢ ᠶᠢᠨ ᠨᠣᠭᠤᠭᠠᠷᠠᠭᠤᠯᠵᠤ ᠨᠥᠬᠦᠵᠦ ᠳᠠᠷᠢᠬᠤ ᠶᠢ ᠡᠮᠬᠢ ᠵᠢᠷᠤᠮ ᠲᠠᠢ ᠥᠷᠨᠢᠭᠦᠯᠦᠨ᠎ᠡ | ᠃ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠵᠡᠭᠡᠯᠢ | ᠭᠤᠳᠤᠮᠵᠢ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠣᠷᠣᠨ ᠪᠦᠰᠡ ᠶᠢᠨ ᠣᠷᠴᠢᠨ ᠲᠣᠭᠤᠷᠢᠨ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠴᠡᠪᠡᠷ᠂ ᠵᠢᠭᠳᠡ᠂ ᠡᠮᠬᠢ ᠵᠢᠷᠤᠮ ᠲᠠᠢ ᠬᠤᠲᠠ ᠶᠢᠨ ᠳᠦᠷᠰᠦ | ᠪᠠᠶᠢᠳᠠᠯ ᠢ ᠪᠣᠶ ᠪᠣᠯᠭᠠᠨ᠎ᠠ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ᠶᠦᠩ ᠴᠠᠩ ᠪᠠᠭ᠎ᠠ ᠰᠤᠷᠭᠠᠭᠤᠯᠢ ᠶᠢ ᠠᠵᠢᠯ ᠡᠬᠢᠯᠡᠭᠦᠯᠦᠨ ᠪᠠᠶᠢᠭᠤᠯᠵᠤ᠂ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ | ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠶᠢᠨ ᠪᠠᠶᠢᠷᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢ | ᠬᠡᠷᠡᠭᠵᠢᠭᠦᠯᠦᠨ᠂ ᠣᠲᠣ ᠦᠶ᠎ᠡ ᠶᠢᠨ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠢ ᠪᠡᠶᠡᠯᠡᠭᠦᠯᠦᠨ᠎ᠡ᠃ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶᠢᠷᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ︽ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ︾ ᠭᠤᠷᠪᠠᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠢᠨ᠎ᠡ ᠨᠢᠭᠡ ᠡᠭᠡᠯᠵᠢ ᠶᠢᠨ ᠰᠤᠷᠭᠠᠭᠤᠯᠢ ︵ᠬᠦᠷᠢᠶᠡᠯᠡᠩ︶ ᠶᠢᠨ ᠳᠠᠷᠤᠭ᠎ᠠ ᠶᠢᠨ ᠥᠷᠢᠰᠥᠯᠳᠦᠨ | ᠤᠷᠢᠬᠤ ᠶᠢ ᠪᠡᠶᠡᠯᠡᠭᠦᠯᠦᠨ᠎ᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠬᠦ ᠠᠵᠢᠯ ᠢ ᠰᠠᠶᠢᠲᠤᠷ ᠬᠢᠵᠦ᠂ ᠨᠠᠷᠠᠲᠤ ᠪᠠᠭᠰᠢ ᠶᠢᠨ ᠠᠵᠢᠯ ᠤᠨ ᠲᠠᠰᠤᠭ᠂ ᠪᠡᠭᠡᠵᠢᠩ ᠤᠨ ᠪᠠᠭᠰᠢ ᠶᠢᠨ ᠶᠡᠭᠡ | ᠰᠤᠷᠭᠠᠭᠤᠯᠢ ᠶᠢᠨ ᠦᠬᠠᠶ ᠶᠢᠨ ᠬᠠᠷᠢᠶᠠᠲᠤ ᠰᠤᠷᠭᠠᠭᠤᠯᠢ ᠶᠢᠨ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠰᠢᠯᠢᠳᠡᠭ ᠬᠢᠴᠢᠶᠡᠯ ᠤᠨ ᠤᠷᠤᠯᠳᠤᠭᠠᠨ ᠪᠠ ᠬᠢᠴᠢᠶᠡᠯ ᠬᠥᠮᠦᠵᠢᠯ ᠰᠢᠨᠵᠢᠯᠡᠬᠦ | ᠤᠬᠠᠭᠠᠨ ᠤ ᠰᠤᠳᠤᠯᠤᠯ ᠤᠨ ᠬᠠᠷᠢᠯᠴᠠᠨ ᠦᠢᠯᠡᠳᠦᠯᠴᠡᠬᠦ ᠶᠢ ᠭᠦᠨᠵᠡᠭᠡᠶ ᠥᠷᠨᠢᠭᠦᠯᠵᠦ᠂ ︽ᠬᠤᠶᠠᠳᠤᠭᠠᠷ | ᠬᠢᠴᠢᠶᠡᠯ ᠤᠨ ᠲᠠᠩᠬᠢᠮ︾ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ | ᠴᠢᠨᠠᠷ ᠢ ᠳᠡᠭᠡᠭᠰᠢᠯᠡᠭᠦᠯᠦᠨ᠎ᠡ᠃ | ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ᠂ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠪᠠ ︽ ᠢᠨᠲ᠋ᠧᠷ ᠰᠦᠯᠵᠢᠶ᠎ᠡ + ᠡᠮᠴᠢᠯᠡᠭᠡ | ᠡᠷᠡᠭᠦᠯ ᠮᠡᠨᠳᠤ︾ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠬᠠᠮᠲᠤᠷᠠᠭᠰᠠᠨ ᠰᠣᠷᠢᠯᠲᠠ ᠶᠢ ᠥᠷᠨᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠦᠨᠳᠦ | ᠶᠡᠭᠡ ᠬᠡᠷᠡᠭ ᠢ ᠠᠷᠭᠠᠴᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ | ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠲᠥᠪ ᠡᠮᠨᠡᠯᠭᠡ ᠶᠢᠨ ᠬᠤᠷᠢᠶ᠎ᠠ᠂ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠵᠡᠷᠭᠡ ᠡᠮᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠵᠦ᠂ ᠲᠥᠪ ᠡᠮᠨᠡᠯᠭᠡ ᠶᠢᠨ | ᠬᠤᠷᠢᠶ᠎ᠠ ᠶᠢᠨ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠡᠮᠭᠡᠭ᠂ ᠠᠮᠢᠰᠬᠤᠯ ᠤᠨ ᠬᠦᠨᠳᠦ ᠡᠪᠡᠳᠴᠢᠨ ᠵᠡᠷᠭᠡ | ᠰᠠᠯᠠᠭ᠎ᠠ ᠲᠠᠰᠤᠭ ᠢ ᠳᠣᠭᠢᠷᠠᠭᠤᠯᠤᠨ᠂ ᠤᠷᠢᠳᠴᠢᠯᠠᠨ ᠰᠡᠷᠭᠡᠶᠢᠯᠡᠬᠦ ᠪᠠ ᠰᠢᠯᠭᠠᠨ ᠪᠠᠶᠢᠴᠠᠭᠠᠬᠤ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠯᠠᠨ ᠲᠦᠮᠡᠨ ᠳᠤ ᠨᠠᠩ ᠰᠢᠯᠢᠳᠡᠭ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠳᠠᠯ ᠦᠢᠯᠡᠰ ᠴᠣᠭᠴᠠᠯᠠᠬᠤ | ᠲᠠᠭᠠᠭᠠᠯᠳᠠᠳᠤ ᠵᠢᠭᠡᠯᠡᠯᠭᠡ ᠪᠠᠷ ᠲᠡᠳᠬᠦᠨ ᠳᠡᠮᠵᠢᠬᠦ ᠶᠢ ᠴᠢᠩᠭᠠᠳᠬᠠᠵᠤ᠂ ᠠᠵᠢᠯ ᠠᠯᠳᠠᠭᠰᠠᠳ᠂ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠠᠪᠰᠤᠷᠤᠨ | ᠲᠡᠳᠬᠦᠬᠦ ᠠᠵᠢᠯ ᠢ ᠰᠠᠶᠢᠲᠤᠷ ᠬᠢᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ᠂ ︽ᠲᠠᠪᠤᠨ ᠳᠠᠭᠠᠳᠬᠠᠯ︾ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ | ᠴᠡᠷᠢᠭ ᠠᠴᠠ ᠬᠠᠯᠠᠭᠳᠠᠭᠰᠠᠳ ᠤᠨ ︽ᠭᠤᠷᠪᠠᠨ ᠦᠨᠳᠦᠰᠦᠨ︾ ᠤ ᠣᠨ ᠤ ᠪᠦᠳᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠵᠢᠱᠢᠶ᠎ᠡ ᠦᠵᠡᠭᠦᠯᠬᠦ ᠮᠠᠶ᠋ᠢᠭ ᠤᠨ | ᠦᠢᠯᠡᠴᠢᠯᠡᠭᠡᠨ ᠤ ᠦᠷᠳᠡᠭᠡ ᠶᠢ 7 ᠪᠠᠶᠢᠭᠤᠯᠤᠨ᠎ᠠ᠃ ︽ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ︾ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠯᠠᠭᠠᠨᠨᠠᠭᠤᠷ ᠪᠠᠯᠭᠠᠰᠤ᠂ ᠪᠢᠨ ᠬᠠᠶ ᠵᠡᠭᠡᠯᠢ | ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ | ᠠᠮᠤᠭᠤᠯᠠᠩ ᠰᠠᠭᠤᠴᠠ ᠶᠢᠨ ᠴᠡᠴᠡᠷᠯᠢᠭ᠂ ᠬᠤᠸᠠᠩ ᠪᠠᠶ ᠽᠢ ᠵᠡᠷᠭᠡ 5 ᠨᠡᠶᠢᠭᠡᠮ ᠲᠣᠭᠤᠷᠢᠭ ᠤᠨ ᠬᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ | ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ | ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ᠤᠯᠠᠨ ᠲᠦᠮᠡᠨ ᠤ ᠲᠤᠰᠬᠠᠭᠰᠠᠨ ᠬᠠᠯᠠᠭᠤᠨ ᠴᠡᠭ ᠤᠨ ᠪᠠ ᠪᠡᠷᠬᠡᠲᠡᠶ ᠠᠰᠠᠭᠤᠳᠠᠯ ᠢ ᠬᠠᠤᠯᠢ | ᠶᠣᠰᠣᠭᠠᠷ ᠲᠣᠬᠢᠲᠠᠶ ᠰᠠᠶᠢᠲᠤᠷ ᠰᠢᠢᠳᠪᠦᠷᠢᠯᠡᠨ᠎ᠡ᠃ ᠪᠠᠭᠤᠷᠠᠶ ᠬᠦᠴᠢᠷᠳᠡᠯᠲᠡᠶ ᠬᠠᠮᠲᠤᠯᠢᠭ ᠢ ᠳᠡᠭᠡᠳᠦ ᠬᠡᠮᠵᠢᠶ᠎ᠡ ᠪᠠᠷ | ᠠᠩᠬᠠᠷᠴᠤ᠂ ᠬᠦᠴᠢᠷᠳᠡᠯᠲᠡᠶ ᠶᠢ ᠲᠤᠰᠠᠯᠠᠬᠤ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠦᠬᠡᠳ ᠢ ᠠᠪᠤᠷᠠᠬᠤ | ᠵᠡᠷᠭᠡ ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠭ᠎ᠠ ᠶᠢᠨ | ᠠᠶᠤᠯᠭᠦᠶ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠨ᠎ᠡ᠃ | ︵ᠭᠤᠷᠪᠠ︶ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠠᠮᠤᠷ | ᠲᠠᠶᠢᠪᠤᠩ ᠠᠵᠤ ᠲᠦᠷᠦᠭᠦ ᠶᠢᠨ ᠰᠠᠭᠤᠷᠢ ᠶᠢ ᠪᠠᠲᠤᠳᠬᠠᠨ᠎ᠠ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ | ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠲᠤᠳᠬᠠᠨ᠂ ᠨᠡᠶᠢᠭᠡᠮ ᠤᠨ ᠵᠠᠰᠠᠯᠲᠠ ᠶᠢᠨ ᠬᠠᠤᠯᠢᠵᠢᠭᠤᠯᠬᠤ᠂ | ᠤᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠦᠷᠭᠦᠯᠵᠢᠯᠡᠨ | ᠪᠤᠢ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠤᠯᠯᠠᠬᠤ | ᠥᠷᠲᠡᠭ ᠤᠨ ᠦᠵᠡᠯᠲᠡ ᠶᠢ ᠪᠤᠶᠢᠵᠢᠭᠤᠯᠤᠨ ᠪᠠᠳᠠᠷᠠᠭᠤᠯᠵᠤ᠂ ︽ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ | ᠮᠣᠩᠭᠤᠯ ᠤᠨ ᠪᠠᠶᠢᠭᠤᠯᠤᠯᠲᠠ︾ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠲᠦᠪᠰᠢᠨ ᠢ ᠳᠡᠭᠡᠭᠰᠢᠯᠡᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ | ︽ᠲᠠᠪᠤᠨ ᠮᠡᠳᠡᠷᠡᠮᠵᠢ︾ ᠶᠢᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠶᠢ | ᠠᠬᠢᠭᠤᠯᠤᠨ᠎ᠠ᠃ ᠰᠣᠶᠣᠯ ᠤᠨ ᠣᠷᠳᠣᠨ ᠤ ᠶᠠᠰᠤ ᠴᠢᠨᠠᠷ ᠢ ᠳᠡᠭᠡᠭᠰᠢᠯᠡᠭᠦᠯᠵᠦ ᠥᠷᠭᠡᠳᠬᠡᠨ ᠪᠠᠶᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭᠠᠨ ᠤ ᠲᠥᠪ ᠤᠨ 8 ᠰᠣᠶᠣᠯ | ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠯᠠᠨ ᠴᠢᠳᠠᠮᠵᠢᠳᠤ ᠪᠡᠶ᠎ᠡ ᠶᠢᠨ ᠲᠠᠮᠢᠷ ᠤᠨ | ᠣᠷᠳᠣᠨ ᠢ ᠡᠬᠢᠯᠡᠨ ᠪᠠᠶᠢᠭᠤᠯᠵᠤ᠂ ᠠᠷᠠᠳ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠢ ᠶᠢ ᠰᠡᠯᠪᠢᠨ | ᠵᠠᠰᠠᠵᠤ ᠥᠭᠡᠷᠡᠴᠢᠯᠡᠨ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠲᠠᠯᠠᠪᠠᠢ ᠶᠢᠨ ᠰᠣᠶᠣᠯ ᠤᠷᠠᠯᠢᠭ ᠤᠨ ᠨᠠᠶᠢᠷ ᠵᠡᠷᠭᠡ | ᠡᠯ᠎ᠡ ᠲᠦᠷᠦᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠤᠯᠠᠨ | ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠡᠶᠢᠭᠡᠮ ᠲᠣᠭᠤᠷᠢᠭ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠢ 3 ᠪᠣᠯᠭᠠᠨ ᠥᠷᠭᠡᠳᠬᠡᠨ ᠪᠠᠶᠢᠭᠤᠯᠤᠨ᠎ᠠ᠃ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ | ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠤᠶᠤᠨᠲᠤ | ᠵᠢᠵᠢᠭ ᠲᠣᠭᠤᠷᠢᠭ︾ ᠢ ᠲᠤᠷᠰᠢᠨ ᠬᠡᠷᠡᠭᠵᠢᠭᠦᠯᠦᠨ᠎ᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠷ ᠪᠠᠶᠢᠰᠢᠩ ᠤᠨ ᠥᠯᠥ | ᠬᠥᠳᠡᠯᠬᠦ ᠬᠥᠷᠥᠩᠭᠡ ᠶᠢᠨ ᠡᠷᠬᠡ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠶᠢ ᠡᠬᠢᠯᠡᠭᠦᠯᠦᠨ ᠬᠡᠷᠡᠭᠵᠢᠭᠦᠯᠵᠦ᠂ ︽ᠰᠠᠶᠢᠨ ᠰᠠᠶᠢᠬᠠᠨ ᠠᠮᠢᠳᠤᠷᠠᠯ᠂ ᠢᠷᠭᠡᠨ ᠤ | ᠬᠠᠤᠯᠢ ᠶᠢᠨ ᠪᠢᠴᠢᠭ ᠢ ᠬᠠᠮᠲᠤᠳᠬᠠᠬᠤ︾ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠰᠢᠷᠢᠰ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ᠣᠯᠠᠨ ᠨᠡᠶᠢᠲᠡ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠤᠯᠤᠰ ᠤᠨ ᠠᠮᠤᠷ | ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠠᠶᠤᠯ ᠲᠦᠭᠰᠢᠭᠦᠷᠢ ᠶᠢ | ᠤᠷᠢᠳᠴᠢᠯᠠᠨ ᠮᠡᠳᠡᠬᠦ᠂ ᠤᠷᠢᠳᠴᠢᠯᠠᠨ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠠᠮᠤᠷ | ᠲᠦᠪᠰᠢᠨ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤ ᠶᠢᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ︽ᠬᠥᠮᠦᠨ︾ ︽ᠪᠣᠳᠠᠰ︾ | ︽ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠨ᠂ ︽ᠭᠠᠳᠠᠨ᠎ᠠ ᠠᠴᠠ ᠣᠷᠣᠭᠤᠯᠬᠤ ᠶᠢ | ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠠᠵᠢᠯ ᠢ ᠡᠷᠡᠰ ᠰᠠᠶᠢᠲᠤᠷ ᠬᠢᠵᠦ᠂ | ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠥᠭᠡᠳ ᠠᠮᠤᠷ ᠲᠦᠪᠰᠢᠨ ᠢᠶᠠᠷ ᠰᠠᠶᠢᠲᠤᠷ ᠬᠢᠵᠦ᠂ ᠬᠢᠯᠪᠠᠷ | ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠬᠠᠷᠢᠭᠤᠴᠠᠯᠭ᠎ᠠ ᠲᠠᠢ ᠪᠠᠷ | ᠬᠠᠯᠠᠮᠵᠢᠯᠠᠬᠤ︾ ᠣᠨᠣᠯᠵᠢᠬᠤᠨ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠲᠤᠰᠬᠠᠶ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠠᠮᠤᠷ ᠲᠦᠪᠰᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ | ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠴᠠᠯᠢᠩ | ᠥᠷᠢᠲᠦᠬᠦ ᠵᠡᠷᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠠᠷᠭᠠᠴᠠᠵᠤ᠂ ᠡᠩ ᠤᠨ ᠴᠢᠨᠠᠷᠲᠠᠶ ᠵᠠᠷᠤᠯᠭ᠎ᠠ ᠶᠢ | ᠴᠢᠩᠭ᠎ᠠ ᠬᠢᠵᠠᠭᠠᠷᠯᠠᠬᠤ᠂ ᠪᠠᠴᠢᠮ ᠬᠡᠷᠡᠭᠴᠡᠭᠡᠨ ᠤ ᠪᠤᠰᠤ ᠬᠠᠲᠠᠭᠤ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠦᠯᠡᠳᠡᠭᠡᠯ | ᠡᠳ᠋ ᠬᠦᠷᠦᠩᠭᠡ ᠶᠢ ᠠᠮᠢᠳᠤᠯᠢᠭ ᠪᠣᠯᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠥᠭᠴᠡᠭᠡ ᠶᠢᠨ ᠦᠯᠡᠳᠡᠭᠡᠯ ᠠᠶᠤᠯ | ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠤᠨ ᠬᠡᠮᠵᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠰᠠᠶᠢᠲᠤᠷ ᠠᠳᠬᠤᠨ᠎ᠠ᠃ ᠢᠳᠡᠭᠡᠨ ᠪᠠ ᠡᠮ ᠤᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠠᠮᠤᠷ ᠲᠦᠪᠰᠢᠨ ᠤ ᠲᠦᠭᠰᠢᠭᠦᠷᠢ ᠶᠢ ᠲᠠᠰ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ 1000 | ᠳ᠋ᠤᠭᠠᠷ ᠵᠠᠮ ᠤᠨ ᠮᠡᠷᠭᠡᠵᠢᠯ ᠤᠨ ᠰᠡᠷᠭᠡᠶᠢᠯᠡᠨ ᠡᠵᠡᠮᠳᠡᠬᠦ ᠰᠢᠰᠲ᠋ᠧᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ︽ | ᠨᠢᠭᠡ ᠨᠡᠶᠢᠭᠡᠮ ᠲᠣᠭᠤᠷᠢᠭ ᠲᠤ ᠨᠢᠭᠡ ᠴᠠᠭᠳᠠᠭ᠎ᠠ︾ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠨᠡᠶᠢᠭᠡᠮ ᠤᠨ | ᠠᠮᠤᠷ ᠲᠦᠪᠰᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ ᠴᠠᠭᠳᠠᠭᠠᠨ ᠲᠣᠣᠷᠠᠯᠵᠢ + ᠲᠤᠤᠷᠠᠯᠵᠢ︾ | ᠶᠢᠨ ᠬᠤᠤᠰ ᠲᠤᠤᠷᠠᠯᠵᠢ ᠶᠢᠨ ᠠᠭᠤᠰᠤᠯᠴᠠᠯ ᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠲᠠᠩᠰᠠ | ᠡᠪᠬᠡᠮᠡᠯ ᠲᠡᠦᠬᠡ ᠣᠶᠢᠯᠠᠯᠭ᠎ᠠ᠂ ᠡᠮᠡᠭᠲᠡᠶᠢᠴᠦᠳ ᠬᠡᠦᠬᠡᠳ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ | ᠤᠯᠠᠭᠠᠨ ᠵᠠᠭᠠᠯᠮᠠᠶᠢᠳᠠᠨ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠨᠢᠭᠡᠳᠦᠯᠲᠡᠶ | ᠲᠥᠯᠥᠪᠯᠡᠨ ᠲᠦᠯᠬᠢᠨ ᠠᠬᠢᠭᠤᠯᠤᠨ᠎ᠠ᠃ | ︵ᠲᠦᠷᠪᠡ︶ ᠡᠭᠦᠷᠭᠡ ᠳᠤᠰᠢᠶᠠᠯ ᠤᠨ ᠬᠤᠪᠢᠷᠠᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ᠬᠢᠪᠡᠰᠦ ᠪᠦᠲᠦᠮᠤᠢ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠪᠢᠳᠡ | ᠪᠡᠷᠬᠡ ᠶᠢ ᠲᠤᠭᠤᠯᠤᠨ ᠪᠡᠷᠬᠡ ᠶᠢ ᠳᠠᠪᠠᠭ᠋ᠤ ᠡᠷᠡᠰ ᠵᠣᠷᠢᠭ᠂ ᠯᠠᠪᠳᠠᠭᠤᠨ ᠪᠠᠲᠤᠲᠠᠶ ᠪᠦᠲᠦᠮᠵᠢᠲᠡᠶ ᠠᠷᠭ᠎ᠠ ᠬᠡᠮᠵᠢᠶ᠎ᠡ ᠪᠠᠷ | ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠨ᠎ᠡ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ | ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ | ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ | ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠦᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠵᠡᠷᠭᠡ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠠᠵᠢᠯ ᠲᠥᠷᠥᠯ ᠤᠨ ᠬᠥᠭᠵᠢᠯᠲᠡ ᠪᠠ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠎ᠠ | ᠃ | ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ | ᠵᠠᠰᠠᠬᠤ ᠠᠷᠭ᠎ᠠ ᠮᠠᠶ᠋ᠢᠭ ᠢ ᠬᠡᠷᠡᠭᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ | ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠢ | ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠣᠷᠣᠭᠤᠯᠤᠨ᠎ᠠ᠃ ᠪᠡᠯᠡ ᠣᠷᠣᠭᠤᠯᠤᠯᠲᠠ ᠶᠢᠨ ᠡᠷᠬᠡ ᠠᠰᠢᠭ ᠤᠨ | ᠬᠠᠮᠠᠭᠠᠯᠠᠯᠲᠠ ᠶᠢ ᠴᠢᠩᠭᠠᠳᠬᠠᠵᠤ᠂ ᠡᠷᠬᠡ ᠳᠤ ᠬᠠᠯᠳᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠵᠦ᠂ | ᠬᠥᠳᠡᠯᠮᠦᠷᠢᠴᠢᠨ ᠬᠥᠷᠥᠩᠭᠡᠲᠡᠨ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠴᠢᠩᠭᠠᠳᠬᠠᠵᠤ᠂ ᠦᠢᠯᠡᠴᠢᠯᠡᠭᠡ ᠪᠠᠨ ᠰᠢᠯᠢᠳᠡᠭᠵᠢᠭᠦᠯᠦᠨ | ᠰᠤᠷᠲᠠᠯ ᠢᠶᠠᠨ ᠬᠤᠪᠢᠷᠠᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠪᠠ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠰᠢᠯᠢᠳᠡᠭ ᠰᠠᠶᠢᠨ ᠵᠠᠰᠠᠭ ᠤᠨ ᠰᠤᠷᠲᠠᠯ ᠪᠠ ᠰᠢᠯᠭᠠᠷᠠᠭᠰᠠᠨ ᠰᠤᠷᠲᠠᠯ ᠢᠶᠠᠷ ᠦᠢᠯᠡᠴᠢᠯᠡᠭᠡᠨ ᠤ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠭᠤᠣᠯᠳᠠᠯᠭ᠎ᠠ ᠲᠠᠢ ᠲᠦᠷᠦᠯ | ᠵᠦᠢᠯ᠂ ᠴᠢᠬᠤᠯᠠ ᠠᠵᠢᠯ ᠳᠤ ᠵᠢᠷᠤᠭ ᠬᠤᠯᠪᠣᠨ ᠪᠠᠶᠢᠯᠳᠤᠵᠤ᠂ ︽ᠵᠠᠮ ᠱᠤᠭᠤᠮ ᠤᠨ ᠵᠢᠷᠤᠭ︾ ᠢ ︽ | ᠪᠠᠷᠢᠯᠭ᠎ᠠ ᠶᠢᠨ ᠵᠢᠷᠤᠭ︾ ︽ᠦᠷ᠎ᠡ ᠪᠦᠲᠦᠮᠵᠢ ᠶᠢᠨ ᠵᠢᠷᠤᠭ︾ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠪᠠ | ᠦᠢᠯᠡᠴᠢᠯᠡᠭᠡᠨ ᠤ ᠴᠣᠩᠬᠤ ᠶᠢ ᠴᠢᠩᠭ᠎ᠠ ᠠᠩᠬᠠᠷᠴᠤ᠂ ︽ᠳᠤᠮᠳᠠ ᠵᠡᠷᠭᠡ ᠶᠢᠨ ᠲᠦᠭᠵᠢᠷᠡᠯ︾ ᠢ ᠡᠷᠡᠰ ᠠᠷᠢᠯᠭᠠᠵᠤ᠂ | ᠬᠠᠷᠢᠯᠴᠠᠬᠤ ᠠᠷᠭ᠎ᠠ ᠮᠠᠶ᠋ᠢᠭ ᠢ ᠨᠡᠶᠢᠲᠡᠯᠡᠵᠦ᠂ ᠠᠵᠤ ᠠᠬᠤᠶᠢᠯᠠᠯ ᠪᠠ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠴᠤᠭᠯᠠᠭᠤᠯᠵᠤ᠂ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠰᠤᠷᠲᠠᠯ ᠤᠨ | ᠠᠷᠬᠠᠭ ᠭᠡᠮ ᠢ ᠴᠡᠭᠴᠡᠯᠡᠨ ᠵᠠᠰᠠᠨ᠎ᠠ᠃ | ᠤᠯᠤᠰ ᠲᠦᠷᠦ ᠶᠢᠨ ᠠᠮᠢ ᠠᠬᠤᠢ ᠶᠢ ᠴᠢᠩᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠪᠠᠷ ᠬᠤᠷᠢᠭ᠎ᠠ | ᠱᠤᠭᠤᠮ ᠢ ᠰᠠᠬᠢᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠴᠢᠩᠭ᠎ᠠ ᠠᠳᠬᠤᠨ ᠪᠣᠳᠠᠲᠠᠶ ᠪᠠᠷ ᠠᠳᠬᠤᠵᠤ᠂ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ | ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠶᠢ ᠭᠦᠨᠵᠡᠭᠡᠶᠢᠷᠡᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠵᠢᠷᠤᠮᠵᠢᠯ᠂ ᠬᠢᠨᠠᠯᠲᠠ ᠪᠠ ᠬᠢᠵᠠᠭᠠᠷᠯᠠᠯ ᠢ | ᠴᠢᠩᠭᠠᠳᠬᠠᠵᠤ᠂ ᠠᠷᠢᠭᠤᠨ ᠴᠢᠬᠡᠴᠢ ᠶᠢᠨ ᠬᠢᠵᠠᠭᠠᠷ ᠱᠤᠭᠤᠮ ᠢ ᠡᠷᠡᠰ ᠰᠠᠬᠢᠨ᠎ᠠ᠃ ᠬᠢᠨᠠᠯᠲᠠ ᠲᠠᠯᠪᠢᠵᠤ ᠵᠠᠰᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠴᠡᠭ᠂ ᠠᠶᠤᠯ ᠲᠦᠭᠰᠢᠭᠦᠷᠢ ᠶᠢᠨ ᠡᠬᠢ | ᠰᠤᠷᠪᠤᠯᠵᠢ ᠶᠢ ᠴᠢᠩᠭ᠎ᠠ ᠪᠠᠶᠢᠴᠠᠭᠠᠨ ᠴᠢᠩᠭ᠎ᠠ ᠡᠵᠡᠮᠳᠡᠵᠦ᠂ ᠤᠯᠠᠨ ᠨᠡᠶᠢᠲᠡ ᠶᠢᠨ ᠡᠷᠬᠡ᠂ ᠤᠯᠠᠨ ᠨᠡᠶᠢᠲᠡ ᠶᠢᠨ | ᠪᠡᠯᠡ ᠮᠥᠩᠭᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠲᠠᠯ | ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ︕ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠥᠭᠵᠢᠯᠲᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠵᠤ ᠠᠬᠤᠢ ᠨᠡᠶᠢᠭᠡᠮ ᠤᠨ | ᠲᠣᠭᠲᠠᠭᠤᠨ ᠬᠥᠭᠵᠢᠯᠲᠡ ᠶᠢ ᠪᠠᠲᠤᠯᠠᠬᠤ ᠢᠲᠡᠭᠡᠯ ᠵᠣᠷᠢᠭ ᠢᠶᠠᠨ ᠢᠮᠠᠭᠲᠠ ᠬᠤᠪᠢᠷᠠᠭᠤᠯᠬᠤ ᠦᠭᠡᠢ᠂ ᠠᠵᠤ | ᠠᠬᠤᠶᠢᠯᠠᠯ ᠳᠤ ᠨᠡᠩ ᠰᠠᠶᠢᠨ ᠦᠢᠯᠡᠴᠢᠯᠡᠭᠡ ᠬᠠᠩᠭᠠᠬᠤ ᠵᠣᠷᠢᠭ ᠢᠶᠠᠨ ᠢᠮᠠᠭᠲᠠ ᠬᠤᠪᠢᠷᠠᠭᠤᠯᠬᠤ ᠦᠭᠡᠢ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠠᠲᠠᠭᠤ ᠵᠣᠷᠢᠭ ᠢᠶᠠᠨ ᠢᠮᠠᠭᠲᠠ ᠬᠤᠪᠢᠷᠠᠭᠤᠯᠬᠤ ᠦᠭᠡᠢ᠂ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠯᠢᠳᠡᠭ | ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠠᠭᠠᠶ᠎ᠠ︕ | ᠳᠠᠭᠠᠯᠳᠤᠭᠤᠯᠤᠯ | ᠨᠡᠷ᠎ᠡ ᠦᠭᠡ ᠶᠢᠨ ᠲᠠᠶᠢᠯᠪᠤᠷᠢ | ︽ᠵᠢᠷᠭᠤᠭᠠᠨ ᠶᠡᠭᠡ ᠪᠣᠯᠪᠠᠰᠤᠨ ᠢ ᠡᠭᠦᠳᠦᠨ ᠪᠠᠶᠢᠭᠤᠯᠬᠤ︾ ᠠᠵᠢᠯᠯᠠᠭ᠎ᠠ᠄ ᠪᠣᠯᠪᠠᠰᠤᠨ ᠬᠤᠳᠠ᠂ ᠪᠣᠯᠪᠠᠰᠤᠨ | ᠲᠣᠰᠬᠤᠨ ᠪᠠᠯᠭᠠᠰᠤ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠨᠢᠭᠡᠴᠢ᠂ ᠪᠣᠯᠪᠠᠰᠤᠨ ᠰᠤᠷᠭᠠᠭᠤᠯᠢ ᠶᠢᠨ | ᠬᠦᠷᠢᠶ᠎ᠡ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠭᠠᠵᠤ ᠪᠠᠶᠢᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠠᠪᠤ ᠶᠢ ᠬᠠᠰᠤᠵᠤ᠂ ᠭᠤᠷᠪᠠᠨ ᠬᠠᠮᠤᠭ︾ ᠭᠡᠳᠡᠭ ᠨᠢ | ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ | ᠥᠪᠡᠷ ᠤᠨ ᠥᠷᠲᠡᠭ ᠢ ᠪᠠᠭᠠᠰᠬᠠᠬᠤ ᠶᠢ ᠵᠢᠭᠠᠵᠤ ᠪᠣᠶ᠂ ᠴᠢᠬᠤᠯᠠ ᠨᠥᠬᠦᠴᠡᠯ ᠨᠢ ᠬᠠᠮᠤᠭ ᠤᠨ ᠨᠠᠷᠢᠯᠢᠭ᠂ | ᠭᠤᠭᠴᠤᠭ᠎ᠠ ᠨᠢ ᠬᠠᠮᠤᠭ ᠤᠨ ᠲᠥᠬᠦᠮ᠂ ᠴᠠᠭ ᠤᠨ ᠬᠢᠵᠠᠭᠠᠷ ᠨᠢ ᠬᠠᠮᠤᠭ ᠤᠨ ᠣᠬᠤᠷ ᠪᠠᠶᠢᠳᠠᠭ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ᠄ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠭᠡᠳᠡᠭ ᠨᠢ ᠶᠠᠮᠠᠷ ᠨᠢᠭᠡᠨ ᠴᠠᠭ ᠦᠶ᠎ᠡ ᠳᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠨᠡᠮᠡᠭᠳᠡᠭᠦᠯᠬᠦ ᠪᠠᠨ ᠪᠣᠯᠢᠵᠤ᠂ | ᠣᠷᠭᠢᠯ ᠤᠨ ᠬᠡᠮᠵᠢᠭᠳᠡᠯ ᠳᠤ ᠬᠦᠷᠴᠦ᠂ ᠳᠠᠷᠠᠭ᠎ᠠ ᠨᠢ ᠠᠭᠠᠵᠢᠮ ᠢᠶᠠᠷ ᠪᠠᠭᠤᠷᠠᠬᠤ ᠶᠢ ᠵᠢᠭᠠᠵᠤ ᠪᠠᠶᠢᠨ᠎ᠠ᠃ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠭᠡᠳᠡᠭ ᠨᠢ ᠵᠣᠬᠢᠬᠤ ᠬᠤᠭᠤᠴᠠᠭᠠᠨ ᠳᠣᠲᠣᠷ᠎ᠠ᠂ ᠮᠣᠳᠣ ᠲᠠᠷᠢᠵᠤ | ᠣᠶᠢᠵᠢᠭᠤᠯᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ | ᠠᠷᠭ᠎ᠠ ᠵᠠᠮ ᠢᠶᠠᠷ ᠳᠠᠮᠵᠢᠭᠤᠯᠤᠨ᠂ ᠬᠥᠮᠦᠨ ᠲᠥᠷᠥᠯᠬᠢᠲᠡᠨ ᠤ ᠠᠵᠢᠯᠯᠠᠭ᠎ᠠ ᠠᠴᠠ ᠪᠤᠢ ᠪᠣᠯᠤᠭᠰᠠᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠲᠤᠯᠭᠠᠨ ᠬᠠᠰᠤᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ︽ᠦᠯᠦ ᠭᠠᠳᠠᠭᠰᠢᠯᠠᠭᠤᠯᠬᠤ︾ ᠶᠢ ᠪᠡᠶᠡᠯᠡᠭᠦᠯᠬᠦ ᠶᠢ ᠵᠢᠭᠠᠵᠤ ᠪᠠᠶᠢᠨ᠎ᠠ | ᠃ | ᠭᠤᠷᠪᠠᠨ ᠰᠠᠯᠵᠤ ᠴᠢᠳᠠᠬᠤ ᠦᠭᠡᠢ᠄ ᠡᠨᠡ ᠨᠢ ᠬᠢᠲᠠᠳ ᠦᠨᠳᠦᠰᠦᠲᠡᠨ ᠴᠥᠭᠡᠨ ᠲᠣᠭᠠᠲᠤ | ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ | ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠴᠦ ᠬᠤᠭᠤᠷᠣᠨᠳᠣ ᠪᠠᠨ ᠰᠠᠯᠵᠤ ᠴᠢᠳᠠᠬᠤ ᠦᠭᠡᠢ | ᠪᠠᠶᠢᠬᠤ ᠶᠢ ᠵᠢᠭᠠᠵᠤ ᠪᠠᠶᠢᠨ᠎ᠠ᠃ | ᠲᠠᠪᠤᠨ ᠮᠡᠳᠡᠷᠡᠮᠵᠢ᠄ ᠡᠨᠡ ᠨᠢ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠮᠡᠳᠡᠷᠡᠮᠵᠢ ᠶᠢ ᠵᠢᠭᠠᠵᠤ ᠪᠠᠶᠢᠨ᠎ᠠ᠃ | | |