ᠠᠰᠠᠭᠤᠭᠰᠠᠨ ᠨᠢ᠄ ᠲᠠ ᠤᠷᠢᠳᠠᠪᠠᠷ ᠤᠳᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠥᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ | ᠳᠤᠮᠳᠠ ᠭᠤᠤᠯᠳᠠᠭᠤ ᠶᠠᠮᠠᠷ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠭᠰᠡᠨ ᠢ ᠶᠠᠷᠢᠭᠠᠳ ᠥᠭᠭᠦᠨᠡᠦ︖ | ᠪᠥᠬᠦ ᠲᠤᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠤᠮᠳᠠ | ᠂ ᠮᠠᠨ ᠤ ᠲᠣᠪᠴᠢᠶ᠎ᠠ ᠭᠤᠤᠯᠳᠠᠭᠤ ᠭᠤᠷᠪᠠᠨ ᠬᠡᠰᠡᠭ ᠠᠭᠤᠯᠭ᠎ᠠ ᠶᠢ ᠡᠭᠦᠷᠭᠡᠯᠡᠵᠦ ᠪᠣᠶ᠂ ᠨᠢᠭᠡ ᠳᠤ᠂ ᠠᠵᠤ | ᠠᠬᠤᠶᠢᠯᠠᠯ ᠡᠷᠭᠢᠯᠡᠬᠦ ᠲᠠᠯ᠎ᠠ ᠪᠠᠷ᠂ ᠠᠵᠤ ᠠᠬᠤᠶᠢᠯᠠᠯ ᠡᠷᠭᠢᠯᠡᠬᠦ ᠶᠠᠪᠤᠴᠠ ᠶᠢ ᠭᠤᠤᠯᠳᠠᠯᠭ᠎ᠠ ᠲᠠᠢ ᠴᠣᠮᠬᠠᠳᠬᠠᠵᠤ᠂ | ᠠᠵᠤ ᠠᠬᠤᠶᠢᠯᠠᠯ ᠡᠷᠭᠢᠯᠡᠬᠦ ᠴᠠᠭ ᠢ ᠪᠠᠭᠠᠰᠬᠠᠬᠤ ᠶᠢᠨ ᠬᠠᠮᠲᠤ ᠠᠵᠤ ᠠᠬᠤᠶᠢᠯᠠᠯ ᠡᠷᠭᠢᠯᠡᠬᠦ ᠲᠥᠬᠦᠮ ᠦᠵᠡᠭᠦᠯᠬᠦ | ᠬᠡᠮᠵᠢᠶ᠎ᠡ ᠶᠢ ᠳᠡᠭᠡᠭᠰᠢᠯᠡᠭᠦᠯᠦᠨ᠎ᠡ︔ ᠬᠤᠶᠠᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ | ᠪᠦᠲᠦᠭᠡᠬᠦ᠂ ᠬᠠᠮᠠᠭᠠᠯᠠᠬᠤ ᠪᠠ ᠬᠡᠷᠡᠭᠯᠡᠬᠦ ᠲᠠᠯ᠎ᠠ ᠪᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠬᠤ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠭᠤᠷᠪᠠ ᠳᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ︽ᠬᠤᠣᠰ ᠲᠣᠬᠢᠶᠠᠯᠳᠤᠯ᠂ ᠨᠢᠭᠡ ᠢᠯᠡ ᠪᠣᠯᠭᠠᠬᠤ | ︾ ᠬᠢᠨᠠᠯᠲᠠ ᠬᠠᠮᠢᠶᠠᠷᠤᠯᠲᠠ ᠶᠢᠨ ᠪᠦᠷᠬᠦᠴᠡ ᠶᠢᠨ ᠨᠤᠷᠮ᠎ᠠ ᠶᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠠᠰᠠᠭᠤᠭᠰᠠᠨ ᠨᠢ᠄ ᠳᠡᠭᠡᠷᠡᠬᠢ ᠭᠤᠷᠪᠠᠨ ᠵᠦᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ᠂ ᠤᠳᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠡᠷᠬᠢᠨ ᠬᠢᠭᠰᠡᠨ ᠪᠣᠶ︖ | ︵ᠨᠢᠭᠡ︶ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠦᠢᠯᠡᠴᠢᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢᠨ ᠶᠠᠰᠤ ᠴᠢᠨᠠᠷ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠦᠷᠢᠳᠬᠡᠭᠦᠯᠦᠨ ᠳᠠᠩᠰᠠᠯᠠᠭᠤᠯᠬᠤ | ᠵᠡᠷᠭᠡ ᠵᠦᠢᠯᠡᠰ ᠢ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︽ᠦᠨᠡᠮᠯᠡᠯ ᠪᠠ ᠭᠡᠷᠡᠴᠢ ᠶᠢ ᠰᠠᠯᠭᠠᠬᠤ︾ ᠶᠢ ᠨᠡᠶᠢᠳᠡᠮ ᠪᠦᠷᠬᠦᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠵᠢᠷᠤᠮᠵᠢᠭᠰᠠᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠬᠢᠭᠡᠳ ᠡᠵᠡᠩᠨᠡᠯᠲᠡ ᠶᠢᠨ ᠵᠥᠪᠰᠢᠶᠡᠷᠡᠯ ᠤᠨ | ᠬᠤᠭᠤᠷᠣᠨᠳᠣ ᠪᠠᠨ ᠵᠣᠬᠢᠴᠠᠯᠳᠤᠭᠤᠯᠤᠨ ᠲᠣᠭᠠᠴᠢᠬᠤ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ︽ | ᠵᠥᠪᠰᠢᠶᠡᠷᠡᠨ ᠣᠷᠣᠭᠤᠯᠵᠤ ᠡᠵᠡᠩᠨᠡᠯᠲᠡ ᠶᠢ ᠥᠯᠥ ᠵᠥᠪᠰᠢᠶᠡᠷᠡᠬᠦ︾ ᠠᠰᠠᠭᠤᠳᠠᠯ ᠢ ᠰᠢᠢᠳᠪᠦᠷᠢᠯᠡᠪᠡ᠃ ︵ᠬᠤᠶᠠᠷ︶ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ | ᠴᠢᠩᠭᠠᠳᠬᠠᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ | ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠭᠤᠤᠯ ᠰᠡᠳᠦᠪᠲᠦ ᠲᠠᠶᠢᠯᠤᠮᠵᠢ᠂ ᠰᠦᠯᠵᠢᠶᠡᠨ ᠳᠡᠭᠡᠷᠡᠬᠢ | ᠰᠤᠷᠤᠯᠴᠠᠯᠭ᠎ᠠ ᠵᠡᠷᠭᠡ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠲᠤᠰᠬᠠᠶ ᠠᠰᠢᠭ ᠤᠨ | ᠦᠢᠯᠡᠴᠢᠯᠡᠭᠡᠨ ᠢ ᠢᠳᠡᠪᠬᠢᠲᠡᠶ ᠰᠠᠶᠢᠲᠤᠷ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ | ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ | ᠲᠤᠰᠬᠠᠶ ᠠᠰᠢᠭ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠳᠤ ᠲᠤᠰᠬᠠᠶ ᠠᠰᠢᠭ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠬᠢᠪᠡ᠃ | ︵ᠭᠤᠷᠪᠠ︶ ︽ᠬᠤᠣᠰ ᠲᠣᠬᠢᠶᠠᠯᠳᠤᠯ᠂ ᠨᠢᠭᠡ ᠢᠯᠡ ᠪᠣᠯᠭᠠᠬᠤ︾ ᠠᠵᠢᠯ ᠢ ᠤᠯᠠᠮ ᠨᠢᠭᠡ ᠠᠯᠬᠤᠮ ᠥᠷᠨᠢᠭᠦᠯᠪᠡ᠃ | ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠣᠰᠣᠭᠠᠷ᠂ ᠬᠤᠤᠰ ᠲᠠᠰᠢᠷᠠᠮ | ᠳᠠᠭᠠᠤ ᠰᠤᠭᠤᠴᠢᠨ ᠪᠠᠶᠢᠴᠠᠭᠠᠬᠤ ᠲᠤᠭ᠎ᠠ ᠬᠡᠮᠵᠢᠶ᠎ᠡ ᠪᠠ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠪᠡ︔ ᠡᠭᠦᠨ ᠤ | ᠬᠠᠮᠲᠤ ᠬᠤᠯᠪᠣᠭᠠᠯᠠᠨ ︽ ᠬᠤᠣᠰ ᠲᠣᠬᠢᠶᠠᠯᠳᠤᠯ᠂ ᠨᠢᠭᠡ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠰᠢᠮᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠰᠠᠯᠠᠭ᠎ᠠ ᠮᠥᠴᠢᠷ ᠨᠡᠭᠡᠭᠡᠨ ᠬᠠᠮᠲᠤᠷᠠᠨ | ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ︽ᠨᠢᠭᠡ ᠤᠳᠠᠭ᠎ᠠ ᠣᠷᠤᠪᠠᠯ᠂ ᠣᠯᠠᠨ ᠶᠠᠪᠤᠳᠠᠯ ᠢ ᠪᠠᠶᠢᠴᠠᠭᠠᠬᠤ︾ | ᠶᠢ ᠪᠡᠶᠡᠯᠡᠭᠦᠯᠦᠨ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ | ᠦᠵᠡᠭᠦᠯᠬᠦ ᠬᠠᠷᠰᠢᠯᠠᠯ ᠢ ᠦᠨᠡᠨ ᠬᠦ ᠪᠠᠭᠠᠰᠬᠠᠪᠠ᠃ | ᠠᠰᠠᠭᠤᠭᠰᠠᠨ ᠨᠢ᠄ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠤᠮᠳᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠤᠨ ᠡᠭᠦᠷᠭᠡ | ᠪᠠᠶᠢᠬᠤ ᠪᠣᠶ︖ | ᠮᠠᠨ ᠤ ᠲᠣᠪᠴᠢᠶ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ | ᠴᠢᠭᠯᠡᠭᠦᠯᠦᠨ᠂ ᠠᠵᠤ ᠠᠬᠤᠶᠢᠯᠠᠯ ᠡᠷᠭᠢᠯᠡᠬᠦ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠭᠤᠤᠯᠴᠢ ᠪᠠᠷ | ᠥᠷᠢᠰᠦᠯᠳᠦᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠲᠠᠯ᠎ᠠ ᠪᠠᠷ ᠨᠡᠶᠢᠲᠡ 14 ᠵᠦᠢᠯ ᠤᠨ | ᠭᠤᠤᠯᠳᠠᠯᠭ᠎ᠠ ᠲᠠᠢ ᠵᠦᠢᠯᠡᠰ ᠢ ᠲᠣᠳᠣᠷᠬᠠᠶᠢᠯᠠᠭᠰᠠᠨ ᠤ ᠬᠠᠮᠲᠤ ᠲᠣᠰ ᠲᠣᠰ ᠬᠠᠷᠢᠭᠤᠴᠠᠯᠭᠠᠲᠤ ᠤᠳᠤᠷᠢᠳᠤᠯᠭ᠎ᠠ | ᠵᠢᠴᠢ ᠬᠠᠷᠢᠭᠤᠴᠠᠯᠭᠠᠲᠠᠨ ᠢ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠵᠢᠴᠢ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ︽ᠪᠢ ᠣᠯᠠᠨ | ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠲᠠᠢ ᠤᠶᠠᠯᠳᠤᠭᠤᠯᠤᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ | ᠠᠰᠠᠭᠤᠭᠰᠠᠨ ᠨᠢ᠄ ᠤᠳᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠠᠵᠢᠯᠯᠠᠭ᠎ᠠ ᠶᠢ ᠴᠤ ᠮᠠᠰᠢ ᠤᠯᠠᠨ ᠬᠢᠪᠡ᠂ ᠲᠠ ᠪᠣᠳᠠᠲᠠᠢ ᠪᠠᠷ ᠬᠡᠯᠡᠭᠡᠷᠡᠢ᠃ | ᠮᠠᠨ ᠤ ᠲᠣᠪᠴᠢᠶ᠎ᠠ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶᠡᠨ ᠤ ᠲᠠᠯ᠎ᠠ ᠪᠠᠷ ᠭᠤᠣᠯᠳᠠᠭᠤ | ᠡᠵᠡᠩᠨᠡᠯᠲᠡ ᠶᠢᠨ ᠦᠨᠡᠮᠯᠡᠯ ᠪᠠ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠦᠯᠢᠶᠡᠨ ᠠᠪᠴᠤ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ᠠᠵᠤ ᠠᠬᠤᠶᠢᠯᠠᠯ ᠤᠨ ᠦᠨᠡᠮᠯᠡᠯ ᠠᠪᠬᠤ ᠳᠤ ᠳᠥᠭᠦᠮ ᠦᠵᠡᠭᠦᠯᠬᠦ ᠲᠠᠯ᠎ᠠ ᠪᠠᠷ᠂ ᠨᠢᠭᠡ ᠳᠤ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠳᠤ | ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠨᠡᠭᠡᠭᠡᠨ ᠡᠷᠭᠢᠯᠡᠬᠦ ᠴᠠᠭ ᠢ ᠤᠯᠠᠮ ᠨᠢᠭᠡ ᠠᠯᠬᠤᠮ ᠪᠠᠭᠠᠰᠬᠠᠨ | ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ 2.5 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠠᠭᠠᠰᠬᠠᠪᠠ᠂ | ᠡᠭᠦᠨ ᠳᠤ ᠠᠵᠤ ᠠᠬᠤᠶᠢᠯᠠᠯ ᠪᠠᠶᠢᠭᠤᠯᠬᠤ ᠳᠡᠩᠰᠡᠯᠡᠯᠲᠡ ᠪᠠ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢᠨ | ᠴᠠᠭ ᠢ 0.5 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠥᠬᠡᠶ᠂ ᠠᠯᠪᠠᠨ ᠲᠠᠮᠠᠭ᠎ᠠ ᠰᠡᠶᠢᠯᠬᠦ ᠴᠠᠭ ᠢ 0.5 | ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠥᠬᠡᠶ᠂ ᠪᠠᠷᠢᠮᠲᠠ ᠭᠤᠶᠤᠴᠢᠯᠠᠬᠤ ᠴᠠᠭ ᠢ 1 ᠠᠵᠢᠯᠯᠠᠬᠤ | ᠡᠳᠦᠷ ᠠᠴᠠ ᠬᠡᠲᠦᠷᠡᠭᠦᠯᠵᠦ ᠪᠣᠯᠬᠤ ᠥᠬᠡᠶ᠂ ᠪᠠᠩᠬᠢ ᠶᠢᠨ ᠲᠠᠩᠰᠠ ᠨᠡᠭᠡᠭᠡᠬᠦ ᠴᠠᠭ ᠢ 0.5 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠥᠬᠡᠶ᠃ ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠭᠠᠳᠠᠭᠰᠢ ᠭᠠᠷᠴᠤ | ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠠᠵᠤ ᠠᠬᠤᠶᠢᠯᠠᠯ ᠡᠷᠭᠢᠯᠡᠬᠦ ᠴᠠᠭ ᠢ 1 ᠠᠵᠢᠯ ᠤᠨ ᠡᠳᠦᠷ ᠪᠣᠯᠭᠠᠨ | ᠪᠣᠭᠤᠨᠢᠰᠬᠠᠬᠤ ᠪᠠᠷ ᠴᠢᠷᠮᠠᠶᠢᠨ᠎ᠠ᠃ ᠬᠤᠶᠠᠷ ᠲᠤ᠂ ᠵᠠᠰᠠᠭ ᠪᠠᠩᠬᠢ ᠬᠠᠮᠲᠤᠷᠠᠨ ᠠᠵᠤ ᠠᠬᠤᠶᠢᠯᠠᠯ ᠤᠨ ᠳᠡᠩᠰᠡᠯᠡᠨ | ᠲᠡᠮᠳᠡᠭᠯᠡᠬᠦ ᠶᠢ ᠭᠦᠢᠴᠡᠳᠭᠡᠵᠦ᠂ ᠪᠠᠩᠬᠢ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ | ᠠᠵᠤ ᠠᠬᠤᠶᠢᠯᠠᠯ ᠨᠢ ᠡᠵᠡᠩᠨᠡᠯᠲᠡ ᠶᠢᠨ ᠦᠨᠡᠮᠯᠡᠯ ᠭᠦᠢᠴᠡᠳᠭᠡᠬᠦ ᠳᠡᠭᠡᠨ ᠪᠠᠩᠬᠢ ᠳᠤ ᠣᠴᠢᠵᠤ ᠭᠦᠢᠴᠡᠳᠭᠡᠬᠦ ᠶᠢ | ᠰᠣᠩᠭᠤᠵᠤ ᠪᠣᠯᠤᠨ᠎ᠠ᠂ ᠪᠠᠩᠬᠢ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠢ ᠬᠠᠪᠰᠤᠷᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠳᠤ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠭᠦᠯᠬᠦ ᠶᠢᠨ | ᠬᠠᠮᠲᠤ ᠠᠵᠤ ᠠᠬᠤᠶᠢᠯᠠᠯ ᠳᠤ ᠪᠠᠩᠬᠢ ᠶᠢᠨ ᠲᠠᠩᠰᠠ ᠨᠡᠭᠡᠭᠡᠬᠦ ᠦᠢᠯᠡᠴᠢᠯᠡᠭᠡ ᠬᠠᠩᠭᠠᠪᠠ᠃ ︽ᠵᠠᠰᠠᠭ ᠪᠠᠩᠬᠢ | ᠬᠠᠮᠲᠤᠷᠠᠯᠴᠠᠬᠤ︾ ᠵᠠᠭᠪᠤᠷ ᠨᠢ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠵᠠᠰᠠᠭ ᠤᠨ ᠣᠷᠳᠣᠨ ᠤ ᠳᠦᠷᠢ ᠲᠥᠷᠬᠦ ᠶᠢ | ᠳᠡᠭᠡᠭᠰᠢᠯᠡᠭᠦᠯᠬᠦ᠂ ᠪᠠᠩᠬᠢ ᠶᠢᠨ ᠠᠶᠠᠨᠴᠢᠳ ᠤᠨ ᠢᠷᠡᠯᠲᠡ ᠶᠢ ᠥᠷᠭᠡᠳᠬᠡᠬᠦ ᠣᠯᠠᠨ ᠲᠠᠯ᠎ᠠ ᠪᠠᠷ ᠬᠠᠮᠲᠤ ᠪᠠᠷ ᠠᠰᠢᠭ | ᠭᠥᠷᠳᠡᠬᠦ ᠶᠢ ᠪᠡᠶᠡᠯᠡᠭᠦᠯᠵᠦ᠂ ᠳᠥᠭᠦᠮ ᠳᠥᠲᠡ᠂ ᠨᠠᠷᠢᠯᠢᠭ ᠣᠨᠣᠴᠠᠲᠠᠶ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ︽ᠵᠠᠬ᠎ᠠ ᠳᠡᠯᠭᠡᠭᠦᠷ ᠲᠤ ᠣᠷᠣᠬᠤ︾ ᠪᠠᠷᠢᠮᠵᠢᠶ᠎ᠠ ᠶᠢ | ᠨᠠᠩ ᠠᠭᠤᠵᠢᠭᠤ ᠪᠣᠯᠭᠠᠪᠠ᠃ ᠭᠤᠷᠪᠠ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ︽ᠨᠢᠭᠡ ᠬᠤᠲᠠ ᠳᠤ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠪᠡ᠃ | ︽ᠨᠢᠭᠡ ᠬᠤᠲᠠ ᠳᠤ ᠨᠡᠶᠢᠳᠡᠮ ᠰᠢᠢᠳᠪᠦᠷᠢᠯᠡᠬᠦ︾ ᠶᠢ ᠬᠡᠷᠡᠭᠵᠢᠭᠦᠯᠬᠦ ᠪᠣᠯ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠢᠯᠡᠴᠢᠯᠡᠭᠡᠨ | ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠶᠢ ᠦᠷᠭᠦᠯᠵᠢᠯᠡᠨ | ᠠᠭᠤᠵᠢᠭᠤ ᠲᠠᠯᠪᠢᠬᠤ᠂ ᠨᠠᠩ ᠠᠭᠤᠵᠢᠭᠤ ᠪᠥᠭᠡᠳ ᠡᠷᠬᠡ ᠲᠡᠭᠰᠢ ᠣᠷᠣᠬᠤ ᠶᠢ ᠵᠥᠪᠰᠢᠶᠡᠷᠡᠬᠦ ᠣᠷᠴᠢᠨ | ᠲᠣᠭᠤᠷᠢᠨ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ︽ᠨᠢᠭᠡ ᠬᠤᠲᠠ ᠳᠤ ᠨᠡᠶᠢᠳᠡᠮ ᠭᠦᠢᠴᠡᠳᠭᠡᠬᠦ︾ | ᠪᠠᠷ ᠳᠠᠮᠵᠢᠭᠤᠯᠤᠨ ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠤᠤᠯ ᠤᠨ ᠬᠠᠷᠢᠶ᠎ᠠ ᠭᠠᠵᠠᠷ ᠤᠨ | ᠬᠠᠷᠢᠶᠠᠯᠠᠯ ᠤᠨ ᠡᠷᠬᠡ ᠶᠢᠨ ᠶᠣᠰᠣᠭᠠᠷ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠳᠡᠩᠰᠡᠯᠡᠨ | ᠲᠡᠮᠳᠡᠭᠯᠡᠭᠦᠯᠬᠦ ᠤᠯᠠᠮᠵᠢᠯᠠᠯᠲᠤ ᠵᠠᠭᠪᠤᠷ ᠢ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ | ᠲᠡᠮᠳᠡᠭᠯᠡᠬᠦ ᠲᠤᠬᠠᠶᠢᠯᠠᠭᠰᠠᠨ ᠠᠵᠢᠯ ᠢ ᠣᠨᠳᠣᠤ ᠭᠠᠵᠠᠷ ᠲᠤ ᠨᠡᠶᠢᠳᠡᠮ ᠭᠦᠢᠴᠡᠳᠭᠡᠵᠦ ᠪᠣᠯᠬᠤ ᠪᠦᠲᠦᠮᠵᠢᠲᠡᠶ ᠠᠷᠭ᠎ᠠ | ᠵᠠᠮ ᠢ ᠬᠠᠶᠢᠨ ᠰᠦᠪᠡᠭᠴᠢᠯᠡᠵᠦ᠂ ᠠᠳᠠᠯᠢ ᠨᠢᠭᠡᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠳᠣᠲᠣᠷᠠᠬᠢ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠶᠢᠷ᠎ᠠ ᠬᠠᠪᠢ ᠳᠤᠨᠢ ᠳᠡᠩᠰᠡᠯᠡᠨ ᠲᠡᠮᠳᠡᠭᠯᠡᠬᠦ ᠶᠢ ᠭᠦᠢᠴᠡᠳᠭᠡᠬᠦ ᠶᠢ | ᠪᠡᠶᠡᠯᠡᠭᠦᠯᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶᠠᠨ ᠳᠠᠬᠢ ᠦᠨᠳᠦᠰᠦᠨ | ᠱᠠᠲᠤᠨ ᠤ 5 ᠭᠠᠵᠠᠷ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠣᠩᠬᠤ ᠨᠢ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠪᠠᠶᠢᠭᠤᠯᠬᠤ᠂ ᠬᠤᠪᠢᠷᠠᠭᠤᠯᠬᠤ ︵ᠳᠠᠩᠰᠠᠯᠠᠬᠤ︶ ᠪᠠ | ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠲᠤᠬᠠᠶᠢᠯᠠᠭᠰᠠᠨ ᠠᠵᠢᠯ ᠤᠨ ᠲᠠᠯ᠎ᠠ ᠪᠠᠷ ︽ᠨᠢᠭᠡ ᠬᠤᠲᠠ ᠳᠤ ᠨᠡᠶᠢᠳᠡᠮ | ᠭᠦᠢᠴᠡᠳᠭᠡᠬᠦ︾ ᠶᠢ ᠪᠡᠶᠡᠯᠡᠭᠦᠯᠵᠦ᠂ ᠭᠤᠶᠤᠴᠢᠯᠠᠭᠴᠢ ᠨᠢ ᠰᠠᠭᠤᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠭᠠᠳᠠᠨᠠᠬᠢ | ᠳᠤᠷ᠎ᠠ ᠶᠢᠨ ᠨᠢᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠩᠰᠠᠯᠠᠬᠤ ᠴᠣᠩᠬᠤᠨ ᠳᠤ | ᠬᠠᠮᠢᠶ᠎ᠠ ᠪᠥᠬᠦᠶ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠭᠦᠢᠴᠡᠳᠭᠡᠵᠦ᠂ ᠡᠵᠡᠩᠨᠡᠯᠲᠡ ᠶᠢᠨ ᠲᠠᠯᠠᠪᠤᠷ | ᠭᠠᠵᠠᠷ ᠪᠠ ᠬᠠᠷᠢᠶ᠎ᠠ ᠣᠷᠣᠨ ᠪᠦᠰᠡ ᠶᠢᠨ ᠬᠢᠵᠠᠭᠠᠷᠯᠠᠯ ᠢ ᠳᠠᠭᠢᠵᠤ ᠬᠦᠯᠢᠶᠡᠬᠦ ᠥᠬᠡᠶ᠃ | ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠲᠠᠯ᠎ᠠ ᠪᠠᠷ᠂ ᠨᠢᠭᠡ ᠳᠤ ᠲᠤᠭᠤᠷᠢᠭ ᠤᠨ | ᠬᠡᠪᠴᠢᠶᠡᠨ ᠳᠤ ᠢᠳᠡᠭᠡᠨ ᠤ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠡᠵᠡᠩᠨᠡᠯᠲᠡ ᠶᠢᠨ ᠵᠥᠪᠰᠢᠶᠡᠷᠡᠯ ᠤᠨ | ᠠᠮᠠᠯᠠᠯᠲᠠ ᠶᠢᠨ ᠳᠠᠩᠰᠠᠯᠠᠭᠤᠯᠬᠤ ᠲᠦᠷᠢᠮ ᠢ ᠬᠡᠷᠡᠭᠵᠢᠭᠦᠯᠵᠦ᠂ ᠠᠮᠠᠯᠠᠯᠲᠠ ᠶᠢᠨ ᠵᠦᠢᠯᠡᠰ ᠢ ᠢᠲᠡᠭᠡᠮᠵᠢ ᠶᠢᠨ | ᠬᠠᠮᠢᠶᠠᠷᠤᠯᠲᠠ ᠳᠤ ᠣᠷᠣᠭᠤᠯᠤᠨ᠂ ᠵᠠᠰᠠᠭ ᠤᠨ ᠣᠷᠳᠣᠨ ᠠᠴᠠ ᠪᠠᠷᠢᠮᠵᠢᠶ᠎ᠠ ᠲᠣᠭᠲᠠᠭᠠᠬᠤ᠂ ᠠᠵᠤ ᠠᠬᠤᠶᠢᠯᠠᠯ ︵ | ᠵᠠᠬ᠎ᠠ ᠳᠡᠯᠭᠡᠭᠦᠷ ᠤᠨ ᠭᠤᠤᠯ ᠴᠣᠭᠴᠠ︶ ᠠᠴᠠ ᠠᠮᠠᠯᠠᠯᠲᠠ ᠬᠢᠬᠦ ᠶᠢ ᠪᠡᠶᠡᠯᠡᠭᠦᠯᠵᠦ᠂ ᠶᠠᠪᠤᠴᠠ ᠨᠢ ᠴᠢᠩᠭ᠎ᠠ ᠬᠢᠨᠠᠨ | ᠬᠠᠮᠢᠶᠠᠷᠬᠤ᠂ ᠢᠲᠡᠭᠡᠯ ᠠᠯᠳᠠᠪᠠᠯ ᠵᠠᠯᠬᠠᠭᠠᠨ ᠴᠡᠭᠡᠷᠯᠡᠭᠦᠯᠬᠦ ᠶᠢ ᠪᠡᠶᠡᠯᠡᠭᠦᠯᠵᠦ᠂ ᠡᠵᠡᠩᠨᠡᠭᠴᠢᠳ ᠤᠨ ᠢᠳᠡᠭᠡᠨ ᠤ | ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ︽ᠵᠥᠪᠰᠢᠶᠡᠷᠡᠨ ᠣᠷᠣᠭᠤᠯᠵᠤ ᠡᠵᠡᠩᠨᠡᠯᠲᠡ ᠶᠢ ᠥᠯᠥ ᠵᠥᠪᠰᠢᠶᠡᠷᠡᠬᠦ︾ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠶᠠᠷ ᠲᠤ ᠢᠳᠡᠭᠡᠨ ᠤᠮᠳᠠᠭᠠᠨ ᠤ ᠵᠠᠩᠭᠢᠯᠠᠭ᠎ᠠ ᠶᠢᠨ ᠢᠳᠡᠭᠡᠨ | ᠡᠵᠡᠩᠨᠡᠬᠦ ᠵᠥᠪᠰᠢᠶᠡᠷᠡᠯ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠲᠤᠷᠰᠢᠨ ᠬᠡᠷᠡᠭᠵᠢᠭᠦᠯᠪᠡ᠃ | ᠢᠳᠡᠭᠡᠨ ᠤᠮᠳᠠᠭᠠᠨ ᠤ ᠭᠤᠭᠴᠤᠭ᠎ᠠ ᠶᠢᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ︽ᠲᠠᠪᠤ ᠶᠢ | ᠬᠠᠰᠤᠬᠤ︾ ᠥᠭᠡᠷᠡᠴᠢᠯᠡᠯᠲᠡ ᠶᠢ ᠠᠬᠢᠭᠤᠯᠵᠤ᠂ ︽ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ︾ ᠶᠢ ᠬᠦᠴᠦᠯᠡᠨ | ᠪᠡᠶᠡᠯᠡᠭᠦᠯᠵᠦ᠂ 100 ᠲᠥᠭᠦᠷᠢᠭ ᠠᠴᠠ ᠳᠣᠷᠣᠭᠰᠢ ᠠᠶᠤᠯ ᠲᠦᠭᠰᠢᠭᠦᠷᠢ ᠪᠠᠭᠠᠲᠠᠶ ᠢᠳᠡᠭᠡᠨ ᠤᠮᠳᠠᠭᠠᠨ ᠤ | ᠵᠥᠪᠰᠢᠶᠡᠷᠡᠯ ᠢ ︽ᠲᠤᠬᠠᠶ ᠶᠢᠨ ᠲᠠᠯᠠᠪᠤᠷ ᠲᠤᠨᠢ ᠥᠯᠥ ᠦᠵᠡᠵᠦ᠂ ᠲᠤᠬᠠᠶ ᠶᠢᠨ ᠲᠠᠯᠠᠪᠤᠷ ᠲᠤᠨᠢ ᠭᠦᠢᠴᠡᠳᠭᠡᠵᠦ | ᠳᠠᠭᠤᠰᠬᠠᠬᠤ︾ ᠶᠢ ᠬᠡᠷᠡᠭᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠨᠡᠮᠯᠡᠯ ᠣᠯᠭᠤᠭᠰᠠᠨ ᠤ ᠳᠠᠷᠠᠭᠠᠬᠢ 15 ᠠᠵᠢᠯᠯᠠᠬᠤ ᠡᠳᠦᠷ ᠤᠨ | ᠳᠣᠲᠣᠷ᠎ᠠ ᠠᠩᠬ᠎ᠠ ᠤᠳᠠᠭ᠎ᠠ ᠲᠤᠬᠠᠶ ᠶᠢᠨ ᠲᠠᠯᠠᠪᠤᠷ ᠲᠤᠨᠢ ᠪᠠᠶᠢᠴᠠᠭᠠᠯᠲᠠ ᠬᠢᠪᠡ᠃ ᠭᠤᠷᠪᠠ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠶᠢ ᠦᠷᠭᠦᠯᠵᠢᠯᠡᠨ ᠠᠬᠢᠭᠤᠯᠵᠤ᠂ ᠭᠦᠢᠴᠡᠳᠭᠡᠬᠦ | ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠨ᠂ ᠵᠢᠵᠢᠭ ᠦᠢᠯᠡᠳᠭᠡᠯ ᠤᠨ ᠭᠠᠵᠠᠷ᠂ ᠠᠶᠤᠯ ᠲᠦᠭᠰᠢᠭᠦᠷᠢ | ᠶᠡᠬᠡᠲᠡᠶ ᠢᠳᠡᠭᠡᠨ ᠤᠮᠳᠠᠭᠠᠨ ᠤ ᠡᠷᠦᠬᠡ ᠶᠢᠨ ᠭᠦᠢᠴᠡᠳᠭᠡᠬᠦ ᠶᠠᠪᠤᠴᠠ ᠳᠠᠬᠢ ᠲᠤᠬᠠᠶ ᠶᠢᠨ ᠲᠠᠯᠠᠪᠤᠷ ᠲᠤ | ᠬᠠᠷᠭᠤᠭᠤᠯᠤᠨ ᠪᠠᠶᠢᠴᠠᠭᠠᠬᠤ ᠴᠠᠭ ᠤᠨ ᠬᠢᠵᠠᠭᠠᠷ ᠢ 7 ᠠᠵᠢᠯᠯᠠᠬᠤ ᠡᠳᠦᠷ ᠪᠠᠶᠢᠭᠰᠠᠨ ᠠᠴᠠ 5 ᠠᠵᠢᠯᠯᠠᠬᠤ ᠡᠳᠦᠷ | ᠪᠣᠯᠭᠠᠨ ᠪᠠᠭᠠᠰᠬᠠᠪᠠ᠃ | |