ᠠᠰᠠᠭᠤᠯᠲᠠ᠄ ᠮᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠡᠷᠬᠢᠨ ᠬᠢᠭᠰᠡᠨ ᠪᠣᠶ︖ ᠶᠠᠮᠠᠷ | ᠵᠦᠢᠯ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ ᠳᠤ ᠬᠤᠯᠪᠣᠭᠳᠠᠬᠤ ᠪᠣᠶ︖ ᠠᠵᠤ | ᠠᠬᠤᠶᠢᠯᠠᠯ ᠢ ᠬᠡᠷᠬᠢᠨ ᠡᠷᠬᠢᠯᠡᠪᠡᠯ ᠵᠣᠬᠢᠬᠤ ᠪᠤᠢ︖ ᠬᠡᠳᠦᠶ ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠪᠣᠶ︖ A | | ᠬᠠᠷᠢᠭᠤᠯᠲᠠ᠄ ᠪᠢᠳᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠠᠷᠢᠯᠭ᠎ᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ | ᠳᠠᠭᠤᠰᠴᠤ ᠰᠢᠯᠭᠠᠨ ᠠᠪᠬᠤ ᠪᠠ ᠭᠠᠯ ᠤᠨᠲᠠᠷᠠᠭᠠᠬᠤ ᠭᠠᠷᠳᠠᠮ ᠢ ᠬᠢᠨᠠᠨ ᠵᠥᠪᠰᠢᠶᠡᠷᠡᠬᠦ ᠭᠤᠷᠪᠠᠨ ᠵᠦᠢᠯ ᠤᠨ | ᠶᠠᠪᠤᠳᠠᠯ ᠤᠨ ᠲᠣᠭᠤᠷᠢᠨ ᠳᠤ᠂ ︽ᠲᠠᠪᠤ ᠶᠢ ᠬᠠᠰᠤᠵᠦ ᠭᠤᠷᠪᠠᠨ ᠬᠠᠮᠤᠭ︾ ︵︽ᠭᠤᠭᠴᠤᠭ᠎ᠠ ᠶᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠴᠠᠭ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠥᠪᠡᠷ ᠤᠨ ᠥᠷᠲᠡᠭ ᠢ | ᠪᠠᠭᠠᠰᠬᠠᠬᠤ︾᠂ ︽ᠴᠢᠬᠤᠯᠠ ᠨᠥᠬᠦᠴᠡᠯ ᠢ ᠬᠠᠮᠤᠭ ᠤᠨ ᠳᠥᠭᠦᠮ᠂ ᠵᠠᠩᠭᠢᠯᠠᠭ᠎ᠠ ᠶᠢ ᠬᠠᠮᠤᠭ ᠤᠨ ᠳᠥᠭᠦᠮ᠂ | ᠴᠠᠭ ᠤᠨ ᠬᠢᠵᠠᠭᠠᠷ ᠢ ᠬᠠᠮᠤᠭ ᠤᠨ ᠣᠬᠤᠷ︾︶ ᠠᠵᠢᠯ ᠢ ᠰᠠᠶᠢᠲᠤᠷ ᠬᠢᠵᠦ᠂ ᠬᠠᠮᠤᠭ ᠤᠨ ᠰᠢᠯᠢᠳᠡᠭ | ᠦᠢᠯᠡᠴᠢᠯᠡᠭᠡᠨ ᠤ ᠦᠷ᠎ᠡ ᠪᠦᠲᠦᠮᠵᠢ ᠪᠠᠷ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ᠂ ᠣᠳᠣᠬᠠᠨ ᠳᠤ | ᠠᠵᠤ ᠠᠬᠤᠶᠢᠯᠠᠯ ᠨᠢ ᠦᠬᠠᠶ ᠬᠤᠲᠠ ᠶᠢᠨ ᠬᠤᠲᠠ ᠶᠢᠨ ᠠᠷᠠᠳ ᠤᠨ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠶᠡᠭᠡ | ᠲᠢᠩᠬᠢᠮ ᠤᠨ ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠡᠰᠡᠭ ᠲᠤ ᠳᠠᠷᠤᠶ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠭᠤᠯᠬᠤ ᠭᠠᠷ ᠭᠦᠢᠴᠡᠳᠬᠡᠯ | ᠬᠢᠯᠭᠡᠬᠦ ᠪᠠᠷ ᠭᠤᠶᠤᠴᠢᠯᠠᠵᠤ ᠪᠣᠯᠤᠨ᠎ᠠ᠃ ᠠᠵᠤ ᠠᠬᠤᠶᠢᠯᠠᠯ ᠨᠢ ᠣᠳᠣᠬᠠᠨ ᠳᠤ ᠵᠥᠪᠬᠡᠨ ᠰᠦᠯᠵᠢᠶᠡᠨ ᠳᠡᠭᠡᠷ᠎ᠡ 6 | PDF ᠬᠡᠯᠪᠡᠷᠢ ᠶᠢᠨ ᠤᠷᠢᠳᠠᠴᠢ ᠴᠢᠬᠤᠯᠠ ᠨᠥᠬᠦᠴᠡᠯ ᠢ ᠳᠠᠮᠵᠢᠭᠤᠯᠪᠠᠯ ᠳᠠᠷᠤᠶ ᠰᠦᠯᠵᠢᠶᠡᠨ ᠳᠡᠭᠡᠷ᠎ᠡ ᠠᠴᠠ | ᠭᠤᠶᠤᠴᠢᠯᠠᠨ ᠰᠢᠢᠳᠪᠦᠷᠢᠯᠡᠵᠦ ᠪᠣᠯᠤᠨ᠎ᠠ᠃ ᠡᠮᠦᠨᠡᠬᠢ ᠴᠢᠬᠤᠯᠠ ᠨᠥᠬᠦᠴᠡᠯ ᠨᠢ ᠪᠦᠷᠢᠨ ᠭᠦᠢᠴᠡᠳ ᠪᠠᠶᠢᠬᠤ | ᠪᠠᠶᠢᠳᠠᠯ ᠳᠣᠤᠷ᠎ᠠ᠂ ᠮᠠᠨ ᠤ ᠲᠣᠪᠴᠢᠶ᠎ᠠ 2 ᠠᠵᠢᠯᠯᠠᠬᠤ ᠡᠳᠦᠷ ᠤᠨ ᠳᠣᠲᠣᠷ᠎ᠠ ᠭᠠᠷ ᠭᠦᠢᠴᠡᠳᠭᠡᠯ ᠢ ᠪᠡᠶᠡᠯᠡᠬᠦᠯᠦᠨ᠎ᠡ | ᠂ ᠠᠵᠤ ᠠᠬᠤᠶᠢᠯᠠᠯ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ | ᠡᠯᠧᠺᠲᠷᠣᠨ ᠭᠠᠷ ᠤᠨ ᠥᠰᠥᠭ ᠲᠠᠮᠠᠭ᠎ᠠ ᠪᠥᠬᠦᠶ ᠡᠯᠧᠺᠲᠷᠣᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ | ᠥᠪᠡᠰᠦᠪᠡᠨ ᠳᠠᠷᠤᠮᠠᠯᠯᠠᠵᠤ ᠪᠣᠯᠤᠨ᠎ᠠ᠂ ᠣᠳᠣᠬᠠᠨ ᠳᠤ ᠪᠢᠳᠡ ᠪᠠᠷᠢᠯᠭ᠎ᠠ ᠪᠠᠷᠢᠬᠤ ᠵᠥᠪᠰᠢᠶᠡᠷᠡᠯ ᠢ ᠠᠭᠤᠯᠵᠠᠬᠤ | ᠥᠬᠡᠶ ᠪᠠᠷ ᠭᠦᠢᠴᠡᠳᠭᠡᠬᠦ ᠶᠢ ᠨᠢᠭᠡᠨᠲᠡ ᠪᠡᠶᠡᠯᠡᠭᠦᠯᠵᠡᠶ᠃ ᠠᠵᠤ ᠠᠬᠤᠶᠢᠯᠠᠯ ᠤᠳ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠴᠤ ᠳᠠᠩᠰᠠᠯᠠᠭᠤᠯᠬᠤ ᠭᠠᠷᠳᠠᠮ ᠢ ᠭᠦᠢᠴᠡᠳᠭᠡᠬᠦ ᠦᠶ᠎ᠡ ᠳᠤ᠂ ᠵᠥᠪᠬᠡᠨ ᠰᠦᠯᠵᠢᠶᠡᠨ ᠳᠡᠭᠡᠷ᠎ᠡ 10 | PDF ᠬᠡᠯᠪᠡᠷᠢ ᠶᠢᠨ ᠤᠷᠢᠳᠠᠴᠢ ᠴᠢᠬᠤᠯᠠ ᠨᠥᠬᠦᠴᠡᠯ ᠢ ᠳᠠᠮᠵᠢᠭᠤᠯᠪᠠᠯ ᠳᠠᠷᠤᠶ ᠰᠦᠯᠵᠢᠶᠡᠨ ᠳᠡᠭᠡᠷ᠎ᠡ ᠠᠴᠠ | ᠭᠤᠶᠤᠴᠢᠯᠠᠨ ᠭᠦᠢᠴᠡᠳᠭᠡᠵᠦ ᠪᠣᠯᠤᠨ᠎ᠠ᠂ ᠤᠷᠢᠳᠠᠴᠢ ᠴᠢᠬᠤᠯᠠ ᠨᠥᠬᠦᠴᠡᠯ ᠨᠢ ᠪᠦᠷᠢᠨ ᠭᠦᠢᠴᠡᠳ ᠪᠠᠶᠢᠬᠤ ᠤᠷᠢᠲᠠᠯ | ᠳᠣᠤᠷ᠎ᠠ 1 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠦ ᠳᠠᠭᠤᠰᠬᠠᠨ᠎ᠠ᠃ ᠣᠳᠣᠬᠠᠨ ᠳᠤ ᠮᠠᠨ ᠤ | ᠲᠣᠪᠴᠢᠶ᠎ᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠨᠢ ᠦᠬᠠᠶ ᠬᠤᠲᠠ ᠶᠢᠨ ᠬᠢᠨᠠᠨ ᠵᠥᠪᠰᠢᠶᠡᠷᠡᠬᠦ ᠴᠠᠭ ᠤᠨ | ᠬᠢᠵᠠᠭᠠᠷ ᠲᠠᠢ ᠠᠳᠠᠯᠢ ᠪᠠᠶᠢᠨ᠎ᠠ᠃ | ᠠᠰᠠᠭᠤᠯᠲᠠ᠄ ᠲᠡᠭᠡᠪᠡᠯ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ | ᠭᠦᠢᠴᠡᠳᠬᠡᠬᠦ ᠬᠦᠷᠢᠶ᠎ᠡ ᠬᠡᠪᠴᠢᠶ᠎ᠡ ᠨᠢ ᠶᠠᠭᠤ ᠪᠣᠢ︖ | ᠬᠠᠷᠢᠭᠤᠯᠲᠠ᠄ ᠮᠠᠨ ᠤ ᠲᠤᠭᠤᠷᠢᠭ ᠲᠤ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ | ᠪᠠᠶᠢᠭᠤᠯᠤᠭᠰᠠᠨ ᠬᠡᠷ ᠪᠠᠶᠢᠰᠢᠩ ᠤᠨ ᠪᠠᠷᠢᠯᠭ᠎ᠠ ᠶᠢᠨ ᠠᠵᠢᠯ ᠵᠢᠴᠢ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠠᠷᠢᠯᠭ᠎ᠠ ᠶᠢᠨ ᠪᠠᠷᠢᠯᠭ᠎ᠠ ᠶᠢᠨ ᠲᠠᠯᠠᠪᠠᠶ ᠨᠢ 300 ᠲᠥᠭᠦᠷᠢᠭ ᠠᠴᠠ ᠳᠡᠭᠡᠭᠰᠢ ᠪᠠᠶᠢᠵᠤ᠂ ᠪᠠᠯᠠ | ᠣᠷᠣᠭᠤᠯᠤᠯᠲᠠ ᠨᠢ 30 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠨᠢ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠨ ᠭᠦᠢᠴᠡᠳᠭᠡᠬᠦ | ᠬᠡᠷᠡᠭᠲᠡᠶ᠂ ᠲᠣᠰ ᠬᠡᠪᠴᠢᠶᠡᠨ ᠳᠤ ᠪᠠᠶᠢᠬᠤ ᠥᠬᠡᠶ ᠪᠠᠷᠢᠯᠭ᠎ᠠ ᠨᠢ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ | ᠭᠤᠶᠤᠴᠢᠯᠠᠨ ᠭᠦᠢᠴᠡᠳᠭᠡᠬᠦ ᠥᠬᠡᠶ ᠪᠠᠶᠢᠵᠤ ᠪᠣᠯᠤᠨ᠎ᠠ᠃ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ | ᠠᠪᠲᠠᠭ ᠯᠠ ᠶᠤᠮ ᠪᠣᠯ ᠪᠢᠳᠡ ᠴᠥᠮ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠳᠠᠩᠰᠠᠯᠠᠯᠲᠠ ᠶᠢᠨ | ᠭᠠᠷ ᠭᠦᠢᠴᠡᠳᠬᠡᠯ ᠢ ᠭᠦᠢᠴᠡᠳᠬᠡᠨ᠎ᠡ᠃ | ᠠᠰᠠᠭᠤᠯᠲᠠ᠄ ᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠭᠠᠯ ᠤᠨᠲᠠᠷᠠᠭᠠᠬᠤ ᠬᠢᠨᠠᠨ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠲᠠᠯ᠎ᠠ ᠪᠠᠷ | ᠶᠠᠮᠠᠷ ᠶᠠᠮᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠠᠪᠤᠭᠰᠠᠨ ᠢ | ᠶᠠᠷᠢᠭᠠᠳ ᠥᠭᠬᠦᠨᠡᠦ︖ | ᠬᠠᠷᠢᠭᠤᠯᠲᠠ᠄ ᠭᠠᠯ ᠤᠨᠲᠠᠷᠠᠭᠠᠬᠤ ᠬᠢᠨᠠᠨ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 2019 ᠣᠨ ᠤ 6 ᠰᠠᠷ᠎ᠠ ᠳᠤ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠰᠢᠯᠭᠠᠨ ᠠᠪᠬᠤ ᠪᠠ | ᠳᠠᠩᠰᠠᠯᠠᠭᠤᠯᠤᠨ ᠰᠤᠭᠤᠴᠢᠨ ᠪᠠᠶᠢᠴᠠᠭᠠᠬᠤ ᠠᠵᠢᠯ ᠢ ᠬᠦᠯᠢᠶᠡᠨ ᠠᠪᠤᠭᠰᠠᠨ ᠠᠴᠠ ᠨᠠᠰᠢ᠂ ︽ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠣᠭᠲᠠᠭᠠᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠷᠣᠨ | ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠣᠪᠴᠢᠶ᠎ᠠ ᠨᠤᠭᠤᠳ ᠭᠠᠯ ᠤᠨᠲᠠᠷᠠᠭᠠᠬᠤ ᠶᠢ | ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠡᠰ ᠳᠠᠷᠠᠭᠠᠯᠠᠯ ᠢ ᠲᠠᠰᠤᠷᠠᠯᠳᠠ ᠥᠭᠡᠢ | ᠰᠢᠯᠢᠳᠡᠭᠵᠢᠭᠦᠯᠵᠦ᠂ ᠠᠵᠢᠯᠲᠠᠳ ︽ᠳᠡᠯᠭᠡᠭᠦᠷ ᠤᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠭᠦᠢᠴᠡᠳ | ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠤᠷᠢᠳᠴᠢᠯᠠᠨ ᠣᠷᠣᠯᠴᠠᠬᠤ᠂ ᠵᠡᠷᠭᠡᠪᠡᠷ ᠭᠦᠢᠴᠡᠳᠬᠡᠬᠦ᠂ | ᠤᠷᠢᠳᠴᠢᠯᠠᠨ ᠰᠢᠯᠭᠠᠨ ᠠᠪᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠭᠠᠯ ᠤᠨᠲᠠᠷᠠᠭᠠᠬᠤ ᠶᠢ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠤᠭᠤᠨᠢᠰᠬᠠᠨ᠎ᠠ᠃ | ᠣᠳᠣᠬᠠᠨ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠪᠠ ᠭᠠᠯ ᠤᠨᠲᠠᠷᠠᠭᠠᠬᠤ ᠠᠵᠢᠯ ᠢ | ᠰᠢᠯᠭᠠᠨ ᠠᠪᠴᠤ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠢ | ᠴᠥᠮ ᠤᠤᠯ ᠤᠨ 15 ᠠᠵᠢᠯᠯᠠᠬᠤ ᠡᠳᠦᠷ ᠠᠴᠠ ᠭᠦᠢᠴᠡᠳᠬᠡᠵᠦ ᠳᠠᠭᠤᠰᠬᠠᠵᠤ᠂ 10 ᠠᠵᠢᠯᠯᠠᠬᠤ ᠡᠳᠦᠷ ᠲᠤ | ᠭᠦᠢᠴᠡᠳᠬᠡᠵᠦ ᠳᠠᠭᠤᠰᠬᠠᠬᠤ ᠪᠣᠯᠭᠠᠨ ᠪᠣᠭᠤᠨᠢᠰᠬᠠᠨ᠎ᠠ᠃ ᠡᠭᠦᠨ ᠤ ᠵᠡᠷᠭᠡᠪᠡᠷ ᠲᠡᠦᠬᠡᠨ ᠠᠴᠠ ᠦᠯᠡᠳᠡᠭᠳᠡᠵᠦ | ᠢᠷᠡᠭᠰᠡᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠯ ᠤᠨᠲᠠᠷᠠᠭᠠᠬᠤ ᠶᠢ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠬᠤᠳᠠ ᠶᠢᠨ ᠣᠷᠣᠨ ᠰᠠᠭᠤᠴᠠ ᠪᠠ ᠪᠥᠳᠥᠭᠡᠨ | ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠤᠯᠠᠨ ᠤᠳᠠᠭ᠎ᠠ ᠨᠡᠪᠲᠡᠷᠡᠯᠴᠡᠨ ᠵᠣᠬᠢᠴᠠᠭᠤᠯᠵᠤ᠂ ︽ᠠᠰ ᠠᠰ ᠢᠶᠠᠷ ᠨᠢ | ᠵᠥᠪᠯᠡᠬᠦ︾ ᠵᠠᠷᠴᠢᠮ ᠤᠨ ᠶᠣᠰᠣᠭᠠᠷ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠬᠠᠮᠵᠢᠨ ᠵᠥᠩ ᠷᠦᠢ ᠡᠮ | ᠦᠢᠯᠡᠳᠬᠦ ᠪᠠ ᠯᠢᠶᠠᠨ ᠴᠢᠶᠦ᠋ᠨ ᠬᠢᠮᠢ ᠶᠢᠨ ᠠᠵᠤ ᠦᠢᠯᠡᠳᠪᠦᠷᠢ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠭᠠᠯ ᠤᠨᠲᠠᠷᠠᠭᠠᠬᠤ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠳᠤ ᠵᠢᠷᠤᠮᠵᠢᠯ ᠲᠠᠢ ᠲᠤᠬᠢᠷᠠᠬᠤ | ᠠᠰᠠᠭᠤᠳᠠᠯ ᠢ ᠰᠢᠢᠳᠪᠦᠷᠢᠯᠡᠪᠡ᠃ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ | ᠤᠨᠲᠠᠷᠠᠭᠠᠬᠤ ᠠᠵᠢᠯ ᠢ ᠰᠢᠯᠭᠠᠨ ᠠᠪᠴᠤ ᠳᠠᠩᠰᠠᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠲᠣᠪᠴᠢᠶ᠎ᠠ ᠶᠢᠨ ᠶᠠᠪᠤᠳᠠᠯ ᠤᠨ ᠬᠤᠷᠠᠯ ᠬᠤᠷᠠᠯᠳᠤᠭᠤᠯᠵᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ | ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠢ | ᠭᠦᠢᠴᠡᠳ ᠪᠣᠳᠣᠯᠬᠢᠯᠠᠭᠰᠠᠨ ᠤᠷᠢᠲᠠᠯ ᠳᠣᠤᠷ᠎ᠠ᠂ ︽ᠤᠳᠠ ᠲᠣᠭᠤᠷᠢᠭ ᠤᠨ ᠰᠤᠷᠭᠠᠭᠤᠯᠢ ᠡᠷᠭᠢᠯᠡᠬᠦ ᠪᠠᠶᠢᠭᠤᠯᠤᠮᠵᠢ᠂ | ᠬᠡᠤᠬᠡᠳ ᠤᠨ ᠴᠡᠴᠡᠷᠯᠢᠭ ᠵᠡᠷᠭᠡ ᠬᠤᠯᠪᠣᠭᠳᠠᠯ ᠪᠥᠬᠦᠶ ᠠᠷᠠᠳ ᠤᠨ ᠬᠡᠷᠡᠭᠯᠡᠭᠡᠨ ᠤ ᠡᠵᠡᠩᠨᠡᠯᠲᠡ ᠶᠢᠨ ᠲᠠᠯᠠᠪᠤᠷ | ᠭᠠᠵᠠᠷ ᠤᠨ ᠭᠠᠯ ᠤᠨᠲᠠᠷᠠᠭᠠᠬᠤ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠥᠬᠦᠮ ᠴᠤᠪᠤᠷᠠᠯ︾ ᠢ | ᠨᠡᠶᠢᠲᠡᠯᠡᠵᠦ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠶᠢ ᠰᠢᠯᠭᠠᠨ | ᠠᠪᠴᠤ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ︽ᠲᠦᠭᠵᠢᠷᠡᠯ︾ ᠪᠠ ︽ᠬᠦᠴᠢᠷ ᠠᠰᠠᠭᠤᠳᠠᠯ︾ | ᠢ ᠤᠯᠠᠮ ᠨᠢᠭᠡ ᠠᠯᠬᠤᠮ ᠰᠢᠢᠳᠪᠦᠷᠢᠯᠡᠪᠡ᠃ | ᠠᠰᠠᠭᠤᠯᠲᠠ᠄ ᠮᠠᠨ ᠤ ᠲᠤᠭᠤᠷᠢᠭ ᠤᠨ ᠬᠤᠯᠪᠣᠭᠳᠠᠯ ᠪᠦᠬᠦᠢ ᠠᠵᠤ ᠦᠢᠯᠡᠰ ᠤᠨ ᠣᠨᠴᠠᠯᠢᠭ ᠤᠨ ᠨᠥᠯᠥᠭᠡ ᠠᠴᠠ | ᠪᠤᠯᠵᠤ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠨᠡᠯᠢᠶᠡᠳ ᠤᠯᠠᠨ ᠪᠠᠶᠢᠵᠤ᠂ ᠠᠵᠤ | ᠦᠢᠯᠡᠰ ᠤᠨ ᠠᠵᠢᠯᠴᠢᠨ ᠤ ᠣᠷᠣᠨ ᠰᠠᠭᠤᠴᠠ ᠨᠢ ᠠᠵᠤ ᠠᠬᠤᠶᠢᠯᠠᠯ ᠢ ᠭᠠᠴᠢᠭᠳᠠᠭᠤᠯᠵᠤ ᠪᠠᠶᠢᠭ᠎ᠠ ᠨᠢᠭᠡ ᠶᠡᠭᠡ | ᠬᠦᠴᠢᠷ ᠠᠰᠠᠭᠤᠳᠠᠯ ᠪᠣᠯᠤᠭᠰᠠᠭᠠᠷ ᠢᠷᠡᠵᠠᠢ᠂ ᠠᠵᠤ ᠦᠢᠯᠡᠰ ᠤᠨ ᠠᠵᠢᠯᠴᠢᠨ ᠤ ᠣᠷᠣᠨ ᠰᠠᠭᠤᠴᠠ ᠶᠢᠨ | ᠪᠠᠲᠤᠯᠠᠪᠤᠷᠢ ᠶᠢᠨ ᠠᠰᠠᠭᠤᠳᠠᠯ ᠤᠨ ᠲᠣᠭᠤᠷᠢᠨ ᠳᠤ᠂ ᠤᠳᠠ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠡ ᠭᠤᠣᠯᠳᠠᠭᠤ ᠶᠠᠮᠠᠷ ᠠᠷᠭ᠎ᠠ ᠬᠡᠮᠵᠢᠶ᠎ᠡ ᠪᠠᠷ ᠡᠨᠡᠬᠦ ᠬᠦᠴᠢᠷ | ᠠᠰᠠᠭᠤᠳᠠᠯ ᠢ ᠰᠢᠢᠳᠪᠦᠷᠢᠯᠡᠬᠦ ᠪᠤᠢ︖ | ᠬᠠᠷᠢᠭᠤᠯᠲᠠ᠄ ᠤᠳᠠ ᠲᠣᠭᠤᠷᠢᠭ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠪᠠᠷ ᠬᠦᠴᠦᠯᠡᠨ | ᠴᠢᠷᠮᠠᠶᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ | ᠣᠷᠣᠨ ᠰᠠᠭᠤᠴᠠ ᠶᠢᠨ ᠪᠠᠲᠤᠯᠠᠪᠤᠷᠢ ᠶᠢᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠠᠵᠤ ᠦᠢᠯᠡᠰ ᠤᠨ | ᠠᠵᠢᠯᠴᠢᠨ ᠤ ᠲᠥᠪᠯᠡᠷᠡᠭᠰᠡᠨ ᠬᠤᠲᠣᠭᠤᠷ ᠭᠠᠵᠠᠷ ᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠵᠠᠬ᠎ᠠ ᠳᠡᠯᠭᠡᠭᠦᠷ | ᠳᠡᠭᠡᠷᠡᠬᠢ ᠣᠯᠠᠨ ᠨᠡᠶᠢᠲᠡ ᠶᠢᠨ ᠰᠤᠯᠠ ᠪᠠᠶᠢᠭ᠎ᠠ ᠡᠳ᠋ ᠬᠥᠷᠥᠩᠭᠡ ᠵᠢᠴᠢ ᠵᠠᠰᠠᠭ ᠤᠨ ᠣᠷᠳᠣᠨ ᠤ ᠬᠠᠳᠠᠭᠠᠯᠠᠵᠤ | ᠪᠠᠶᠢᠭ᠎ᠠ ᠣᠷᠣᠨ ᠰᠠᠭᠤᠴᠠ ᠶᠢᠨ ᠢᠷᠡᠯᠲᠡ ᠲᠠᠢ ᠤᠶᠠᠯᠳᠤᠭᠤᠯᠬᠤ ᠪᠠᠷ ᠳᠠᠮᠵᠢᠭᠤᠯᠤᠨ᠂ ᠲᠦᠷᠢᠶᠡᠰᠦᠯᠡᠬᠦ ᠪᠠ | ᠬᠤᠳᠠᠯᠳᠤᠬᠤ ᠶᠢ ᠵᠡᠷᠭᠡ ᠪᠠᠷ ᠴᠢᠬᠤᠯᠠᠴᠢᠯᠠᠬᠤ ᠪᠠᠲᠤᠯᠠᠭ᠎ᠠ ᠶᠢᠨ ᠠᠷᠭ᠎ᠠ ᠮᠠᠶ᠋ᠢᠭ ᠢ ᠠᠪᠴᠤ ᠪᠠᠶᠢᠭᠠᠳ ᠠᠵᠤ | ᠠᠬᠤᠶᠢᠯᠠᠯ ᠢ ᠬᠠᠪᠰᠤᠷᠤᠨ ᠣᠷᠣᠨ ᠰᠠᠭᠤᠴᠠ ᠶᠢ ᠨᠢ ᠵᠣᠬᠢᠴᠠᠭᠤᠯᠬᠤ ᠶᠢᠨ ᠬᠠᠮᠲᠤ ᠠᠵᠤ ᠠᠬᠤᠶᠢᠯᠠᠯ ᠤᠨ ᠭᠠᠵᠠᠷ | ᠰᠢᠷᠣᠶ ᠪᠠᠨ ᠥᠪᠡᠷ ᠢᠶᠠᠨ ᠪᠠᠷᠢᠬᠤ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠰᠤᠯᠠ ᠲᠠᠯᠪᠢᠵᠤ ᠪᠠᠶᠢᠭ᠎ᠠ | ᠠᠯᠪᠠᠨ ᠤ ᠪᠠᠷᠢᠯᠭ᠎ᠠ ᠶᠢ ᠠᠵᠤ ᠠᠬᠤᠶᠢᠯᠠᠯ ᠳᠤ ᠬᠠᠩᠭᠠᠨ ᠥᠭᠡᠷᠡᠴᠢᠯᠡᠵᠦ᠂ ᠭᠠᠳᠠᠨ᠎ᠠ ᠠᠴᠠ ᠢᠷᠡᠵᠦ ᠠᠵᠢᠯ ᠬᠢᠵᠦ | ᠪᠠᠶᠢᠭ᠎ᠠ ᠬᠥᠮᠦᠰ ᠢ ᠲᠥᠪᠬᠢᠨᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ | ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠦᠰ ᠤᠨ ᠣᠷᠣᠨ ᠰᠠᠭᠤᠴᠠ ᠶᠢᠨ ᠪᠣᠳᠠᠲᠠᠶ ᠬᠦᠴᠢᠷᠳᠡᠯ ᠢ | ᠰᠢᠢᠳᠪᠦᠷᠢᠯᠡᠪᠡ᠃ ᠮᠠᠨ ᠤ ᠲᠤᠭᠤᠷᠢᠭ ᠤᠨ ᠠᠵᠤ ᠠᠬᠤᠶ ᠶᠢᠨ ᠬᠥᠭᠵᠢᠯᠲᠡ ᠪᠠ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠬᠤᠶᠢᠰᠢᠳᠠ ᠶᠢᠨ ᠵᠣᠪᠠᠨᠢᠯ ᠢ ᠠᠷᠢᠯᠭᠠᠪᠠ᠃ | |