ᠤᠳᠤᠷᠢᠳᠤᠯᠭ᠎ᠠ ᠶᠢᠨ ᠲᠠᠨᠢᠯᠴᠠᠭᠤᠯᠭ᠎ᠠ᠄ | ᠢᠦᠢ ᡁᠢ ᠶᠦᠩ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠳᠤ ᠲᠦᠷᠦᠵᠠᠢ᠂ ᠥᠪᠥᠷ ᠮᠣᠩᠭᠤᠯ ᠤᠨ | ᠠᠤᠬᠠᠨ ᠬᠤᠰᠢᠭᠤᠨ ᠳᠤ ᠨᠤᠲᠤᠭ ᠲᠠᠢ᠂ ᠲᠦᠷᠦᠭᠰᠡᠡ ᠭᠠᠵᠠᠷ ᠨᠢ ᠥᠪᠥᠷ ᠮᠣᠩᠭᠤᠯ ᠤᠨ ᠠᠤᠬᠠᠨ ᠬᠤᠰᠢᠭᠤ᠂ | ᠢᠨᠵᠧᠨᠧᠷᠢᠩ ᠤᠨ ᠮᠠᠰᠲ᠋ᠧᠷ ᠤᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 6 ᠰᠠᠷ᠎ᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠳᠤ ᠣᠷᠣᠵᠤ᠂ 2002 ᠣᠨ ᠤ 7 ᠰᠠᠷ᠎ᠠ ᠳᠤ ᠠᠵᠢᠯ ᠳᠤ ᠣᠷᠤᠯᠴᠠᠪᠠ᠃ | ᠠᠵᠢᠯ ᠤᠨ ᠲᠣᠪᠴᠢ ᠨᠠᠮᠲᠠᠷ᠄ 1998 . 09—2002 . 07 ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠭᠠᠵᠠᠷ ᠰᠢᠷᠣᠶ ᠶᠢᠨ ᠲᠥᠯᠥᠪᠵᠢᠭᠦᠯᠭᠡ ᠬᠢᠭᠡᠳ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ | ᠰᠤᠷᠤᠯᠴᠠᠪᠠ ( ᠡᠨᠡ ᠬᠤᠭᠤᠴᠠᠭᠠᠨ ᠳᠤ᠄ 2000 . 03—2002 . 04 ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠮᠡᠳᠡᠭᠡ ᠵᠠᠩᠭᠢ | ᠶᠢᠨ ᠮᠡᠷᠭᠡᠵᠢᠯ ᠤᠨ ᠲᠤᠰᠬᠠᠶ ᠮᠡᠷᠭᠡᠵᠢᠯ ᠤᠨ ᠬᠠᠪᠰᠤᠷᠤᠭ᠎ᠠ ᠰᠤᠷᠤᠯᠴᠠᠯᠭ᠎ᠠ ᠰᠤᠷᠤᠯᠴᠠᠪᠠ ) | 2002 . 07—2002 . 08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠵᠣᠬᠢᠶᠠᠨ ᠪᠠᠶᠢᠭᠤᠯᠬᠤ ᠬᠡᠯᠲᠡᠰ ᠤᠨ ᠰᠤᠩᠭᠤᠨ ᠰᠢᠯᠵᠢᠭᠦᠯᠦᠭᠰᠡᠨ ᠰᠣᠷᠣᠭᠴᠢ ᠶᠢᠨ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠳᠤ ᠰᠤᠷᠤᠯᠴᠠᠪᠠ᠃2002 . 08—2005 . 09 ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠤᠨ ᠠᠯᠪᠠᠨ ᠬᠡᠷ ᠤᠨ ᠨᠠᠷᠢᠨ ᠪᠢᠴᠢᠭᠡᠴᠢ | 2005 . 09—2008 . 06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠨ ᠬᠡᠷ ᠤᠨ ᠳᠡᠳ᠋ ᠡᠷᠬᠢᠯᠡᠭᠴᠢ ᠭᠡᠰᠢᠭᠦᠴᠢ᠂ | ᠵᠣᠬᠢᠶᠠᠨ ᠪᠠᠶᠢᠭᠤᠯᠬᠤ ᠰᠠᠯᠠᠭᠠᠨ ᠤ ᠳᠡᠳ᠋ ᠰᠠᠯᠠᠭᠠᠨ ᠲᠠᠰ ᠤᠨ ᠵᠣᠬᠢᠶᠠᠨ ᠪᠠᠶᠢᠭᠤᠯᠤᠭᠴᠢ᠃ ( 2005 . 01— | 2005 . 12 ᠦᠬᠠᠢ ᠬᠤᠳᠠ ᠶᠢᠨ ᠨᠠᠮ ᠤᠨ ᠬᠤᠷᠢᠶᠠᠨ ᠤ ᠲᠡᠷᠢᠭᠦᠨ ᠤ ᠴᠢᠨᠠᠷ ᠤᠨ ᠬᠥᠮᠦᠵᠢᠯ ᠤᠨ ᠠᠵᠢᠯᠯᠠᠭ᠎ᠠ | ᠶᠢᠨ ᠠᠯᠪᠠᠨ ᠭᠡᠷ ᠲᠤ ᠠᠵᠢᠯᠯᠠᠪᠠ ) | 2008 . 06—2008 . 11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠢ ᠲᠣᠮᠢᠯᠠᠬᠤ ᠪᠠᠭᠤᠯᠭᠠᠬᠤ ᠲᠣᠬᠢᠷᠠᠭᠤᠯᠬᠤ | ᠰᠠᠯᠠᠭᠠᠨ ᠤ ᠳᠠᠷᠤᠭ᠎ᠠ | 2008 . 11—2010 . 07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶᠠᠨ ᠤ ᠤᠰᠤᠨ ᠠᠰᠢᠭᠯᠠᠯᠲᠠ ᠶᠢᠨ ᠰᠠᠯᠠᠭᠠᠨ ᠤ ᠳᠡᠳ᠋ ᠳᠠᠷᠤᠭ᠎ᠠ ( ᠵᠢᠩᠬᠢᠨᠢ | ᠰᠠᠯᠠᠭᠠᠨ ᠤ ᠳᠡᠰ ) | 2010 . 07—2011 . 04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ ᠶᠢᠨ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ | ᠢᠨᠵᠧᠨᠧᠷᠢᠩ ᠤᠨ ᠠᠯᠪᠠᠨ ᠬᠡᠷ ᠤᠨ ᠡᠷᠬᠢᠯᠡᠭᠴᠢ ( ᠡᠨᠡ ᠬᠤᠭᠤᠴᠠᠭᠠᠨ ᠳᠤ᠄ 2010 . 09—2010 . 11 | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠨᠠᠮ ᠤᠨ ᠰᠤᠷᠭᠠᠭᠤᠯᠢ ᠶᠢᠨ | ᠠᠷᠪᠠᠨ ᠳᠣᠯᠣᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ | ) | 2011 . 04—2011 . 11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ ᠶᠢᠨ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ ᠰᠠᠯᠠᠭ᠎ᠠ ᠶᠢᠨ | ᠳᠠᠷᠤᠭ᠎ᠠ | 2011 . 11—2012 . 11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠡᠷᠡᠭ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ ( | ᠳᠡᠳ᠋ ᠭᠠᠵᠠᠷ ᠤᠨ ᠲᠠᠰ᠂ ᠢᠯᠡ ᠪᠠᠷ ᠰᠣᠩᠭᠤᠨ ᠳᠡᠪᠰᠢᠭᠦᠯᠪᠡ ) | 2012 . 11—2017 . 09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ( ᠡᠨᠡ ᠬᠤᠭᠤᠴᠠᠭᠠᠨ ᠳᠤ᠄ 2017 . 05—2017 . 06 ᠥᠪᠥᠷ ᠮᠣᠩᠭᠤᠯ ᠤᠨ ᠨᠠᠮ ᠤᠨ | ᠰᠤᠷᠭᠠᠭᠤᠯᠢ ᠶᠢᠨ ᠭᠤᠷᠪᠠᠳᠤᠭᠠᠷ ᠬᠤᠭᠤᠴᠠᠭᠠᠨ ᠤ ᠵᠠᠯᠠᠭᠤ ᠭᠠᠵᠠᠷ ᠤᠨ ᠲᠠᠰ ᠤᠨ ᠺᠠᠳ᠋ᠷ ᠤᠨ ᠨᠠᠮᠴᠢ ᠴᠢᠨᠠᠷ ᠤᠨ | ᠪᠣᠯᠪᠠᠰᠤᠷᠠᠯ ᠤᠨ ᠠᠩᠭᠢ ᠳᠤ ᠰᠤᠷᠤᠯᠴᠠᠪᠠ ) | 2017 . 09—2019 . 05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ | ( 2014 . 09—2017 . 12 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ | ᠰᠤᠷᠤᠯᠴᠠᠵᠤ᠂ ᠢᠨᠵᠧᠨᠧᠷᠢᠩ ᠤᠨ ᠮᠠᠰᠲ᠋ᠧᠷ ᠴᠣᠯᠠ ᠬᠠᠮᠠᠭᠠᠯᠠᠪᠠ ) | 2019 . 05—2020 . 12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ( ᠡᠨᠡ ᠬᠤᠭᠤᠴᠠᠭᠠᠨ ᠳᠤ᠄ 2020 . 06—2020 . 08 | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ | ᠶᠢᠨ ᠨᠠᠮ ᠤᠨ ᠰᠤᠷᠭᠠᠭᠤᠯᠢ ᠶᠢᠨ ᠭᠤᠴᠢᠨ ᠳᠣᠯᠣᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ | ᠪᠣᠯᠪᠠᠰᠤᠷᠠᠯ ᠤᠨ ᠠᠩᠭᠢ ᠳᠤ ᠰᠤᠷᠤᠯᠴᠠᠪᠠ ) | 2020 . 12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠤᠳᠠ ᠲᠣᠭᠤᠷᠢᠭ | ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ | ᠠᠵᠢᠯ ᠤᠨ ᠡᠭᠦᠷᠭᠡ ᠬᠠᠷᠢᠭᠤᠴᠠᠯᠭ᠎ᠠ᠄ ᠢᠦᠢ ᡁᠢ ᠶᠦᠩ ᠨᠥᠬᠦᠷ ᠬᠠᠨ ᠯᠢ ᠫᠢᠩ ᠨᠥᠬᠦᠷ ᠢ ᠬᠠᠪᠰᠤᠷᠤᠨ ᠨᠠᠮ ᠤᠨ | ᠪᠠᠶᠢᠭᠤᠯᠤᠯᠲᠠ ᠶᠢᠨ ᠠᠵᠢᠯ ᠪᠠ ᠲᠤᠭᠤᠷᠢᠭ ᠤᠨ ᠨᠠᠮ ᠤᠨ ᠬᠤᠷᠢᠶᠠᠨ ᠤ ᠡᠳᠦᠷ ᠲᠤᠳᠤᠮ ᠤᠨ ᠠᠵᠢᠯ ᠢ | ᠬᠠᠷᠢᠭᠤᠴᠠᠨ ᠠᠳᠬᠤᠵᠤ᠂ ᠲᠤᠭᠤᠷᠢᠭ ᠤᠨ ᠨᠠᠮ ᠤᠨ ᠬᠤᠷᠢᠶ᠎ᠠ ᠠᠴᠠ ᠲᠦᠷᠦᠭᠦᠯᠡᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ᠂ ᠲᠤᠰᠬᠠᠢ ᠴᠡᠭᠴᠡᠯᠡᠨ ᠵᠠᠰᠠᠬᠤ ᠪᠠ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ | ᠲᠥᠯᠥᠪᠵᠢᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠤᠯᠪᠣᠭᠳᠠᠯ ᠪᠦᠬᠦᠢ | ᠠᠵᠢᠯ ᠢ ᠬᠠᠷᠢᠭᠤᠴᠠᠪᠠ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠵᠠᠬᠢᠳᠠᠯ | ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ᠂ ᠭᠠᠵᠢᠭᠤ ᠨᠣᠮᠯᠠᠯ ᠢ ᠡᠰᠡᠷᠭᠦᠴᠡᠬᠦ | ᠨᠡᠶᠢᠭᠡᠮᠯᠢᠭ ᠤᠨ ᠠᠯᠪᠠᠨ ᠭᠡᠷ ᠢ ᠬᠤᠪᠢᠳᠠᠨ ᠬᠠᠮᠢᠶᠠᠷᠴᠤ᠂ ᠲᠤᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠲᠠᠢ ᠬᠠᠷᠢᠯᠴᠠᠨ᠎ᠠ᠂ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠠᠵᠢᠯᠴᠢᠨ ᠤ | ᠶᠡᠷᠦᠩᠬᠡᠶ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ | ᠬᠤᠷᠠᠯ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠵᠡᠮᠳᠡᠭᠴᠦᠳ ᠤᠨ | ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠬᠤᠪᠢᠳᠠᠨ ᠬᠠᠮᠢᠶᠠᠷᠤᠨ᠎ᠠ᠂ | ᠲᠤᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠠᠵᠢᠯ ᠢ ᠡᠷᠬᠢᠯᠡᠵᠦ᠂ ᠲᠠᠷᠢᠶᠠᠯᠠᠬᠤ ᠣᠷᠣᠨ᠂ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠂ ᠲᠤᠭᠤᠷᠢᠭ ᠤᠨ | ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠠᠷᠠᠳ ᠤᠨ ᠰᠢᠭᠦᠬᠦ | ᠬᠤᠷᠢᠶ᠎ᠠ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠷᠢᠯᠴᠠᠨ᠎ᠠ᠃ |