ᠤᠳᠠ ᠲᠣᠭᠤᠷᠢᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ ᠨᠣᠮ ᠤᠩᠰᠢᠬᠤ ᠬᠤᠷᠠᠯ ᠬᠢᠪᠡ
ᠨᠡᠶᠢᠲᠡᠯᠡᠭᠰᠡᠨ ᠴᠠᠭ᠄
2021/5/6
    4 ᠰᠠᠷ᠎ᠠ ᠶᠢᠨ 30 ᠤ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ ᠬᠠᠮᠲᠤ ᠶᠢᠨ ᠰᠤᠷᠤᠯᠴᠠᠯᠭ᠎ᠠ ᠨᠣᠮ ᠤᠩᠰᠢᠬᠤ ᠬᠤᠷᠠᠯ ᠬᠢᠵᠦ᠂ ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠴᠠᠭ ᠦᠶ᠎ᠡ ᠶᠢᠨ ᠲᠡᠦᠬᠡ ᠶᠢ ᠲᠤᠰᠬᠠᠢ ᠰᠡᠳᠦᠪ ᠢᠶᠠᠷ ᠰᠤᠷᠤᠯᠴᠠᠬᠤ ᠶᠢᠨ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠡᠭᠡᠯᠵᠢ ᠶᠢᠨ ᠰᠢᠯᠭᠠᠯᠲᠠ ᠬᠢᠵᠡᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠤᠳᠤᠷᠢᠳᠬᠤ ᠬᠥᠮᠦᠵᠢᠯ ᠤᠨ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠴᠠᠩ ᠢᠦᠢ ᠭᠠᠩ ᠰᠤᠷᠤᠯᠴᠠᠯᠭ᠎ᠠ ᠶᠢ ᠡᠷᠬᠢᠯᠡᠵᠦ᠂ ᠪᠦᠬᠦ ᠲᠣᠭᠤᠷᠢᠭ ᠤᠨ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠣᠷᠣᠯᠴᠠᠵᠠᠢ᠃
     ᠨᠣᠮ ᠤᠩᠰᠢᠬᠤ ᠬᠤᠷᠠᠯ ᠳᠡᠭᠡᠷ᠎ᠡ᠂ ᠤᠯᠠᠨ ᠢᠶᠠᠷ ᠢᠶᠠᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠱᠧᠨ ᠴᠤᠸᠠᠨ ᠯᠢᠶᠠᠩ ᠤᠨ ︽ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠠᠭᠤᠤ ᠶᠡᠭᠡ ᠲᠡᠦᠬᠡ ᠶᠢᠨ ᠡᠷᠭᠢᠯᠲᠡ︾ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠶᠢᠨ ᠸᠢᠳᠢᠣ᠋ ᠶᠢ ᠦᠵᠡᠵᠦ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠮᠠᠨ ᠤ ᠨᠠᠮ ᠤᠨ ᠲᠡᠦᠬᠡᠨ ᠳᠠᠬᠢ ᠪᠠ ᠰᠢᠨ᠎ᠡ ᠳᠤᠮᠳᠠᠳᠤ ᠤᠯᠤᠰ ᠤᠨ ᠲᠡᠦᠬᠡᠨ ᠳᠠᠬᠢ ᠴᠢᠬᠤᠯᠠ ᠲᠡᠦᠬᠡᠲᠦ ᠠᠴᠢ ᠬᠤᠯᠪᠣᠭᠳᠠᠯ ᠢ ᠬᠢᠨᠠᠮᠠᠭᠠᠶ ᠰᠣᠨᠣᠰᠪᠠ᠃
     ᠬᠤᠷᠠᠯ ᠳᠡᠭᠡᠷ᠎ᠡ᠂ ᠡᠯ᠎ᠡ ᠤᠳᠤᠷᠢᠳᠬᠤ ᠺᠠᠳ᠋ᠷᠴᠤᠳ ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠴᠠᠭ ᠦᠶ᠎ᠡ ᠶᠢᠨ ᠲᠡᠦᠬᠡ ᠲᠠᠢ ᠤᠶᠠᠯᠳᠤᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠲᠤᠯᠤᠭ᠎ᠠ ᠠᠴᠠ ᠶᠢᠰᠦᠨ ᠪᠦᠯᠦᠭ ᠤᠨ ᠬᠡᠰᠡᠭ ᠭᠤᠣᠯᠳᠠᠯᠭ᠎ᠠ ᠲᠠᠢ ᠵᠣᠬᠢᠶᠠᠯ ᠢ ᠡᠭᠡᠯᠵᠢᠯᠡᠨ ᠰᠤᠷᠤᠯᠴᠠᠵᠤ᠂ ᠠᠭᠤᠯᠭ᠎ᠠ ᠳᠤᠨᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠦᠨ ᠨᠡᠭᠡᠭᠡᠭᠰᠡᠨ᠂ ᠲᠣᠭᠲᠠᠭᠠᠭᠰᠠᠨ ᠵᠢᠴᠢ ᠰᠢᠨ᠎ᠡ ᠪᠠᠶᠢᠳᠠᠯ ᠤᠨ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠡᠷᠬᠢᠨ ᠪᠠᠷᠢᠮᠲᠠᠯᠠᠨ ᠬᠥᠭᠵᠢᠭᠦᠯᠦᠭᠰᠡᠨ ᠡᠨᠡ ᠬᠡᠰᠡᠭ ᠲᠡᠦᠬᠡ ᠶᠢ ᠬᠠᠮᠤᠷᠴᠠᠶ᠃ ᠤᠯᠠᠨ ᠢᠶᠠᠷ ᠢᠶᠠᠨ ᠰᠤᠷᠤᠯᠴᠠᠯᠭ᠎ᠠ ᠶᠢᠨ ᠳᠤᠮᠳᠠ ᠪᠠᠶᠢᠨ ᠪᠠᠶᠢᠨ ᠰᠠᠨᠠᠯ ᠢᠶᠠᠨ ᠰᠣᠯᠢᠯᠴᠠᠨ ᠶᠠᠷᠢᠯᠴᠠᠵᠤ᠂ ᠥᠭᠡᠷᠡᠴᠢᠯᠡᠯᠲᠡ ᠨᠡᠭᠡᠭᠡᠯᠳᠡ ᠶᠢᠨ ᠲᠡᠦᠬᠡᠲᠦ ᠴᠢᠨᠠᠷᠲᠠᠢ ᠰᠢᠢᠳᠪᠦᠷᠢᠲᠦ ᠪᠤᠳᠤᠯᠭ᠎ᠠ ᠶᠢ ᠬᠠᠮᠲᠤᠪᠠᠷ ᠣᠶᠢᠯᠠᠭᠠᠪᠠ᠃ ᠤᠯᠠᠨ ᠢᠶᠠᠷ ᠢᠶᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠪᠣᠯ ᠡᠯᠪᠡᠭ ᠪᠠᠶᠠᠯᠢᠭ ᠠᠮᠢᠳᠤᠯᠢᠭ ᠬᠢᠴᠢᠶᠡᠯ ᠤᠨ ᠪᠢᠴᠢᠭ ᠮᠥᠨ᠂ ᠳᠤᠮᠳᠠᠳᠤ ᠤᠯᠤᠰ ᠤᠨ ᠣᠷᠴᠢᠨ ᠤᠳᠤ ᠦᠶ᠎ᠡ ᠠᠴᠠ ᠨᠠᠰᠢᠬᠢ ᠲᠡᠦᠬᠡ ᠶᠢᠨ ᠬᠠᠮᠤᠭ ᠤᠨ ᠮᠠᠭᠲᠠᠨ ᠳᠠᠭᠤᠯᠠᠭᠤᠰᠢᠲᠠᠢ ᠬᠠᠭᠤᠳᠠᠰᠤ ᠮᠥᠨ ᠭᠡᠵᠦ ᠢᠯᠡᠳᠬᠡᠵᠡᠭᠡᠪᠡ᠃
   ᠪᠦᠬᠦ ᠲᠣᠭᠤᠷᠢᠭ ᠤᠨ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠸᠢᠳᠢᠣ᠋ ᠶᠢ ᠦᠵᠡᠬᠦ᠂ ᠤᠭ ᠶᠣᠰᠣ ᠶᠢ ᠣᠶᠢᠯᠠᠭᠠᠬᠤ ᠪᠠᠷ ᠳᠠᠮᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠨᠢᠭᠡ ᠤᠳᠠᠭ᠎ᠠ ᠶᠢᠨ ᠭᠦᠨᠵᠡᠭᠡᠢ ᠤᠬᠢᠶᠠᠯ ᠬᠢᠵᠦ᠂ ᠰᠠᠶᠢᠨ ᠰᠠᠶᠢᠬᠠᠨ ᠰᠤᠷᠤᠯᠴᠠᠬᠤ ᠰᠤᠷᠲᠠᠯ ᠢᠶᠠᠨ ᠢᠯᠡᠷᠡᠭᠦᠯᠪᠡ᠃ ᠵᠠᠭᠤᠨ ᠵᠢᠯ ᠤᠨ ᠨᠠᠮ ᠤᠨ ᠲᠡᠦᠬᠡ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号