ᠤᠳᠠ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/6
     4 ᠰᠠᠷ᠎ᠠ ᠶᠢᠨ 30 ᠤ ᠡᠳᠦᠷ᠂ ᠤᠳᠠ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠠᠨ ᠯᠢ ᠫᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠪᠣᠯᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠲᠥᠪ ᠤᠨ ᠳᠥᠷᠪᠡᠳᠦᠭᠡᠷ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠬᠤᠸᠠ ᠶᠢᠨ ᠦᠬᠠᠶ ᠬᠤᠲᠠ ᠶᠢᠨ ᠰᠢᠪᠠᠳᠠᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠰᠢᠤᠢ ᠵᠢᠶᠦ᠋ᠨ ᠤ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠦᠬᠠᠶ ᠬᠤᠲᠠ ᠳᠤ ᠪᠠᠭᠤᠵᠤ ᠬᠢᠨᠠᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠠᠷ᠂ ᠤᠳᠠ ᠲᠣᠭᠤᠷᠢᠭ ᠤᠨ ᠲᠥᠪ ᠤᠨ ᠳᠥᠷᠪᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠳᠣᠷᠣᠭᠰᠢ ᠪᠠᠭᠤᠵᠤ ᠬᠢᠨᠠᠨ ᠵᠢᠯᠣᠭᠤᠳᠴᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠤᠨ ᠬᠢᠨᠠᠨ ᠵᠥᠪᠯᠡᠪᠡ᠃
     
     ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠶᠢᠨ ᠬᠢᠨ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠳᠣᠷᠣᠭᠰᠢ ᠪᠠᠭᠤᠵᠤ ᠬᠢᠨᠠᠨ ᠵᠢᠯᠣᠭᠤᠳᠴᠤ ᠬᠠᠷᠢᠭᠤ ᠲᠤᠰᠬᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠠ ᠸᠠᠩ ᠰᠢᠤᠢ ᠵᠢᠶᠦ᠋ᠨ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠭᠤᠳ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠰᠠᠭᠤᠳᠠᠯ ᠢ ᠭᠦᠨᠵᠡᠭᠡᠶ ᠪᠠᠶᠢᠴᠠᠭᠠᠨ ᠦᠵᠡᠵᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ ᠵᠡᠷᠭᠡ ᠰᠠᠯᠠᠭ᠎ᠠ ᠮᠥᠴᠢᠷ ᠤᠳ ᠬᠠᠮᠵᠢᠯᠴᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠯᠦᠭᠡ ᠶᠢᠨ ᠬᠠᠮᠵᠢᠯᠴᠠᠭ᠎ᠠ ᠶᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠠᠬᠢᠭᠤᠯᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠨ ᠣᠯᠵᠤ᠂ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠳᠤ ᠲᠥᠪ ᠴᠢᠩᠭ᠎ᠠ ᠬᠠᠨᠳᠤᠵᠤ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠭᠤᠯᠭ᠎ᠠ ᠶᠢ ᠵᠡᠷᠭᠡᠪᠡᠷ ᠴᠡᠭᠴᠡᠯᠡᠨ ᠰᠠᠶᠢᠵᠢᠷᠠᠭᠤᠯᠵᠤ᠂ ᠪᠦᠬᠦ ᠲᠠᠯ᠎ᠠ ᠶᠢᠨ ᠠᠰᠠᠭᠤᠳᠠᠯ᠂ ᠦᠨᠳᠦᠰᠦ ᠰᠤᠷᠪᠤᠯᠵᠢ ᠶᠢᠨ ᠠᠰᠠᠭᠤᠳᠠᠯ ᠢ ᠬᠠᠮᠲᠤ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠩᠭ᠎ᠠ ᠠᠩᠬᠠᠷᠴᠤ᠂ ︽ᠢᠯᠭᠠᠷᠠᠭᠤᠯᠤᠨ ᠪᠠᠶᠢᠴᠠᠭᠠᠬᠤ ᠂ ᠲᠦᠢᠯᠪᠤᠷᠢᠲᠠᠶ ᠪᠠᠶᠢᠴᠠᠭᠠᠬᠤ᠂ ᠭᠦᠨᠵᠡᠭᠡᠶ ᠪᠠᠶᠢᠴᠠᠭᠠᠬᠤ᠂ ᠴᠢᠩᠭ᠎ᠠ ᠪᠠᠶᠢᠴᠠᠭᠠᠬᠤ︾ ᠳᠡᠭᠡᠷ᠎ᠡ ᠬᠦᠴᠦ ᠲᠠᠯᠪᠢᠵᠤ᠂ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠡᠭᠦᠷᠭᠡᠯᠡᠵᠦ᠂ ᠬᠠᠷᠢᠭᠤᠴᠠᠯᠭ᠎ᠠ ᠶᠢᠨ ᠭᠢᠨᠵᠢ ᠶᠢ ᠴᠢᠩᠭᠠᠯᠠᠵᠤ᠂ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠭᠤᠣᠯ ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨᠬᠦ ᠨᠠᠶᠢᠳᠠᠪᠤᠷᠢᠵᠢᠭᠤᠯᠵᠤ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ ᠴᠢᠬᠤᠯᠠ ᠵᠠᠩᠭᠢᠯᠠᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠬᠡᠷᠡᠭ ᠢ ᠪᠡᠶ᠎ᠡ ᠪᠠᠷ ᠢᠶᠠᠨ ᠰᠢᠮᠳᠠᠭᠤᠯᠤᠨ  ᠰᠢᠢᠳᠪᠦᠷᠢᠯᠡᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠠᠯᠬᠤᠮ ᠨᠢᠭᠡᠲᠡᠶ ᠪᠥᠬᠦ ᠶᠠᠪᠤᠴᠠ ᠪᠠᠷ ᠠᠳᠬᠤᠵᠤ᠂ ᠭᠦᠨᠵᠡᠭᠡᠶ ᠠᠳᠬᠤᠨ᠂ ᠡᠴᠦᠰ ᠲᠤᠨᠢ ᠲᠤᠯᠲᠠᠯ᠎ᠠ ᠠᠳᠬᠤᠵᠤ᠂ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠬᠦᠴᠦᠲᠡᠶ ᠳᠥᠯᠭᠢᠨ ᠠᠬᠢᠭᠤᠯᠬᠤ ᠬᠡᠷᠡᠭᠲᠡᠶ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号