ᠨᠠᠷᠢᠯᠢᠭ ᠦᠢᠯᠡᠴᠢᠯᠡᠭᠡ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2021/5/7
    ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠤᠳᠠ ᠲᠣᠭᠤᠷᠢᠭ ᠤᠨ ᠬᠢᠨ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠪᠡ᠃ ᠣᠶᠢᠷ᠎ᠠ ᠳᠤ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ 27 ᠰᠠᠯᠠᠭ᠎ᠠ ᠮᠥᠴᠢᠷ᠂ 120 ᠵᠦᠢᠯ ᠤᠨ ᠣᠷᠣᠯᠠᠨ ᠭᠦᠢᠴᠡᠳᠭᠡᠬᠦ ᠬᠠᠪᠰᠤᠷᠤᠨ  ᠭᠦᠢᠴᠡᠳᠭᠡᠬᠦ ᠦᠢᠯᠡᠴᠢᠯᠡᠭᠡᠨ ᠤ ᠵᠦᠢᠯᠡᠰ ᠢ ᠰᠢᠢᠳᠪᠦᠷᠢᠯᠡᠵᠦ ᠳᠠᠭᠤᠰᠬᠠᠭᠰᠠᠨ ᠬᠡᠮᠵᠢᠶ᠎ᠡ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠵᠡᠷᠭᠡ ᠰᠢᠢᠳᠪᠦᠷᠢᠯᠡᠵᠦ ᠪᠠᠶᠢᠭ᠎ᠠ ᠪᠠᠶᠢᠳᠠᠯ ᠢ ᠪᠦᠷᠢᠳᠬᠡᠪᠡ᠃      ᠪᠦᠷᠢᠳᠬᠡᠯ ᠢ ᠦᠨᠳᠦᠰᠦᠯᠡᠪᠡᠯ᠂ 3 ᠰᠠᠷ᠎ᠠ ᠳᠤ᠂ ᠣᠷᠣᠯᠠᠨ ᠭᠦᠢᠴᠡᠳᠭᠡᠭᠰᠡᠨ ᠬᠠᠪᠰᠤᠷᠤᠨ ᠭᠦᠢᠴᠡᠳᠭᠡᠭᠰᠡᠨ ᠦᠢᠯᠡᠴᠢᠯᠡᠭᠡᠨ ᠤ ᠵᠦᠢᠯᠡᠰ ᠤᠨ ᠲᠤᠭ᠎ᠠ ᠨᠡᠶᠢᠲᠡ 5638 ᠬᠤᠪᠢ ᠪᠠᠶᠢᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 99.94% ᠬᠦᠷᠴᠡᠶ᠃ ᠡᠭᠦᠨ ᠳᠤ᠂ ᠪᠠᠯᠠ ᠣᠷᠣᠭᠤᠯᠤᠯᠲᠠ ᠶᠢᠨ ᠵᠦᠢᠯᠡᠰ ᠲᠤ ᠬᠤᠯᠪᠣᠭᠳᠠᠭᠰᠠᠨ ᠤᠴᠢᠷ ᠶᠠᠪᠤᠳᠠᠯ ᠢ ᠭᠦᠢᠴᠡᠳᠭᠡᠭᠰᠡᠨ ᠬᠡᠮᠵᠢᠶ᠎ᠡ ᠨᠢ ᠪᠥᠬᠦ ᠤᠴᠢᠷ ᠶᠠᠪᠤᠳᠠᠯ ᠤᠨ 0.41% ᠶᠢ ᠡᠵᠡᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 86.96% ᠳᠤ ᠬᠥᠷᠪᠡ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠤᠨ ᠭᠦᠢᠴᠡᠳᠭᠡᠭᠰᠡᠨ ᠲᠤᠭ᠎ᠠ ᠬᠡᠮᠵᠢᠶ᠎ᠡ ᠨᠢ ᠪᠥᠬᠦ ᠵᠦᠢᠯᠡᠰ ᠤᠨ 8.28% ᠶᠢ ᠡᠵᠡᠯᠡᠵᠦ᠂  ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠥᠷᠪᠡ︔ ᠪᠠᠯᠭᠠᠰᠤ᠂ ᠵᠡᠭᠡᠯᠢ ᠭᠤᠳᠤᠮᠵᠢ ᠶᠢᠨ ᠬᠤᠯᠪᠣᠭᠳᠠᠬᠤ  ᠦᠢᠯᠡᠴᠢᠯᠡᠭᠡᠨ ᠤ ᠵᠦᠢᠯᠡᠰ ᠤᠨ ᠭᠦᠢᠴᠡᠳᠭᠡᠭᠰᠡᠨ ᠬᠡᠮᠵᠢᠶ᠎ᠡ ᠨᠢ ᠪᠥᠬᠦ ᠵᠦᠢᠯᠡᠰ ᠤᠨ 91.31% ᠶᠢ ᠡᠵᠡᠯᠡᠵᠦ᠂  ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 99.96% ᠪᠣᠯᠤᠨ᠎ᠠ᠃ ᠳᠡᠭᠡᠷ᠎ᠡ ᠳᠤᠷᠠᠳᠤᠭᠰᠠᠨ ᠲᠤᠭ᠎ᠠ ᠪᠠᠷᠢᠮᠲᠠ ᠳᠤ ᠲᠣᠳᠣᠷᠬᠠᠶᠢᠯᠠᠭᠰᠠᠨ ᠨᠢ᠂ ᠪᠠᠯᠭᠠᠰᠤ ᠵᠡᠭᠡᠯᠢ ᠭᠤᠳᠤᠮᠵᠢ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠨᠡᠯᠢᠶᠡᠳ ᠶᠡᠭᠡ ᠪᠠᠶᠢᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠬᠠᠮᠲᠤᠯᠢᠭ ᠲᠤ ᠭᠤᠤᠯᠳᠠᠯᠭ᠎ᠠ ᠲᠠᠢ ᠬᠠᠨᠳᠤᠭᠤᠯᠤᠨ᠂ ᠣᠷᠣᠯᠠᠨ ᠭᠦᠢᠴᠡᠳᠭᠡᠬᠦ ᠬᠠᠪᠰᠤᠷᠤᠨ  ᠭᠦᠢᠴᠡᠳᠭᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠤᠷᠢᠳᠠᠪᠠᠷ ᠪᠠᠲᠤᠯᠠᠨ᠎ᠠ᠃      ︽ᠬᠠᠪᠰᠤᠷᠤᠨ  ᠰᠢᠢᠳᠪᠦᠷᠢᠯᠡᠵᠦ ᠣᠷᠣᠯᠠᠨ ᠭᠦᠢᠴᠡᠳᠭᠡᠬᠦ︾  ᠦᠢᠯᠡᠴᠢᠯᠡᠭᠡᠨ ᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠳᠡᠮᠵᠢᠨ᠂ ᠠᠵᠤ ᠠᠬᠤᠶᠢᠯᠠᠯ ᠪᠠ ᠣᠯᠠᠨ ᠲᠦᠮᠡᠨ ᠳᠤ ︽ᠨᠢᠭᠡ ᠳᠤ ᠨᠢᠭᠡ︾ ︽ᠠᠰᠠᠷᠠᠭᠴᠢ ᠮᠠᠶ᠋ᠢᠭ︾ ᠤᠨ  ᠦᠢᠯᠡᠴᠢᠯᠡᠭᠡ ᠶᠢ ᠤᠯᠠᠮ ᠨᠢᠭᠡ ᠠᠯᠬᠤᠮ ᠬᠠᠩᠭᠠᠵᠤ᠂ ᠤᠳᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号